ᠡᠨᠡ ᠵᠢᠯ ᠮᠠᠨ ᠤ ᠣᠷᠣᠨ ᠨᠢᠭᠡ ᠪᠦᠯᠦᠭ ᠳ᠋ᠣᠺᠲ᠋ᠣᠷ ᠴᠤᠯᠠ ᠣᠯᠭᠤᠬᠤ ᠴᠡᠭ ᠢ ᠰᠢᠨ᠎ᠡ ᠪᠠᠷ ᠪᠠᠶᠢᠭᠤᠯᠬᠤ ᠪᠠᠷ ᠪᠣᠶ
ᠨᠡᠶᠢᠲᠡᠯᠡᠭᠰᠡᠨ ᠴᠠᠭ᠄
2024/1/16
     ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠡᠨᠡ ᠵᠢᠯ ᠮᠠᠨ ᠤ ᠣᠷᠣᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠰᠢᠨᠵᠢᠯᠡᠭᠡᠨ ᠤ ᠰᠠᠯᠠᠭ᠎ᠠ ᠶᠢᠨ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠬᠦ ᠪᠠ ᠬᠠᠮᠢᠶᠠᠷᠬᠤ ᠪᠠᠨ ᠦᠷᠭᠦᠯᠵᠢᠯᠡᠨ ᠴᠢᠩᠭᠠᠳᠬᠠᠵᠤ᠂ ᠶᠡᠭᠡ ᠳᠡᠭᠡᠳᠦ ᠰᠤᠷᠭᠠᠭᠤᠯᠢ ᠨᠤᠭᠤᠳ ᠢ ᠵᠢᠯᠣᠭᠤᠳᠤᠨ ᠰᠢᠨᠵᠢᠯᠡᠭᠡᠨ ᠤ ᠰᠠᠯᠠᠭ᠎ᠠ ᠶᠢᠨ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢ ᠰᠠᠶᠢᠲᠤᠷ ᠬᠢᠯᠭᠡᠵᠦ᠂ ᠲᠡᠷᠢᠭᠦᠨ ᠲᠠᠰ ᠤᠨ ᠰᠢᠨᠵᠢᠯᠡᠭᠡᠨ ᠤ ᠰᠠᠯᠠᠭ᠎ᠠ᠂ ᠲᠡᠷᠢᠭᠦᠨ ᠲᠠᠰ ᠤᠨ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢᠨ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠦᠨ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠪᠣᠯᠣᠨ᠎ᠠ᠃      ᠵᠠᠷᠤᠳᠠᠯ ᠤᠨ ᠣᠷᠣᠭᠤᠯᠤᠯᠲᠠ ᠶᠢ ᠡᠷᠴᠢᠮᠯᠡᠨ᠎ᠡ᠃ ᠡᠪᠡᠰᠦᠨ ᠤ ᠰᠤᠳᠤᠯᠤᠯ᠂ ᠠᠮᠢᠳᠤ ᠪᠣᠳᠠᠰ ᠤᠨ ᠰᠤᠳᠤᠯᠤᠯ ᠵᠡᠷᠭᠡ ᠬᠤᠶᠠᠷ ᠲᠡᠷᠢᠭᠦᠨ ᠳᠡᠰ ᠤᠨ ᠣᠷᠦ᠋ᠢᠯᠠᠭᠰᠠᠨ ᠰᠢᠨᠵᠢᠯᠡᠭᠡᠨ ᠤ ᠰᠠᠯᠠᠭ᠎ᠠ ᠳᠤ ᠣᠷᠣᠭᠤᠯᠬᠤ ᠣᠨ ᠤ ᠪᠠᠶᠢᠭᠤᠯᠤᠯᠲᠠ ᠶᠢᠨ ᠵᠠᠷᠤᠳᠠᠯ ᠢ 5000 ᠲᠦᠮᠡᠨ ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ︔ ᠢᠳᠡᠭᠡᠨ ᠤ ᠰᠢᠨᠵᠢᠯᠡᠬᠦ ᠤᠬᠠᠭᠠᠨ ᠬᠢᠭᠡᠳ ᠢᠨᠵᠧᠨᠧᠷᠢᠩ᠂ ᠠᠮᠢ ᠠᠬᠤᠢ ᠶᠢᠨ ᠤᠬᠠᠭᠠᠨ᠂ ᠬᠥᠳᠡᠯᠭᠡᠭᠴᠢ ᠬᠦᠴᠦᠨ ᠤ ᠢᠨᠵᠧᠨᠧᠷᠢᠩ ᠵᠢᠴᠢ ᠢᠨᠵᠧᠨᠧᠷᠢᠩ ᠤᠨ ᠢᠯᠴᠢ ᠶᠢᠨ ᠹᠢᠽᠢᠺ᠂ ᠲᠡᠮᠦᠷᠯᠢᠭ ᠬᠠᠶᠢᠯᠤᠭᠤᠯᠬᠤ ᠢᠨᠵᠧᠨᠧᠷᠢᠩ ᠵᠡᠷᠭᠡ ᠥᠪᠡᠷᠲᠡᠭᠡᠨ ᠵᠠᠰᠠᠬᠤ ᠣᠷᠣᠨ ᠤ ᠳᠥᠷᠪᠡᠨ ᠶᠡᠭᠡ ᠲᠤᠯᠭᠠᠭᠤᠷᠢ ᠠᠵᠤ ᠦᠢᠯᠡᠰ ᠯᠦᠭᠡ ᠳᠡᠭᠡᠳᠦ ᠬᠡᠮᠵᠢᠶ᠎ᠡ ᠪᠠᠷ ᠲᠣᠬᠢᠷᠠᠯᠴᠠᠭᠰᠠᠨ ᠲᠡᠷᠢᠭᠦᠨ ᠳᠡᠰ ᠤᠨ ᠣᠷᠦ᠋ᠢᠯᠠᠭᠰᠠᠨ ᠪᠤᠶᠢᠵᠢᠭᠤᠯᠬᠤ ᠰᠢᠨᠵᠢᠯᠡᠭᠡᠨ ᠤ ᠰᠠᠯᠠᠭᠠᠨ ᠳᠤ ᠣᠷᠣᠭᠤᠯᠬᠤ ᠣᠨ ᠤ ᠪᠠᠶᠢᠭᠤᠯᠤᠯᠲᠠ ᠶᠢᠨ ᠵᠠᠷᠤᠳᠠᠯ ᠢ 3000 ᠲᠦᠮᠡᠨ ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ᠂ ᠬᠠᠮᠢᠶ᠎ᠠ ᠪᠦᠬᠦᠢ ᠰᠢᠨᠵᠢᠯᠡᠭᠡᠨ ᠤ ᠰᠠᠯᠠᠭ᠎ᠠ ᠶᠢ ᠠᠬᠢᠭᠤᠯᠤᠨ ᠤᠯᠤᠰ ᠤᠨ ᠲᠡᠷᠢᠭᠦᠨ ᠳᠡᠰ ᠤᠨ ᠰᠢᠨᠵᠢᠯᠡᠭᠡᠨ ᠤ ᠰᠠᠯᠠᠭ᠎ᠠ ᠶᠢᠨ ᠰᠢᠨ᠎ᠡ ᠰᠢᠪᠲᠤᠯᠤᠯᠲᠠ ᠶᠢ ᠲᠦᠷᠭᠡᠬᠡᠨ ᠪᠡᠶᠡᠯᠡᠭᠦᠯᠦᠨ᠎ᠡ᠃      ᠳᠡᠭᠡᠳᠦ ᠲᠡᠰ ᠳᠠᠪᠬᠤᠷᠭ᠎ᠠ ᠶᠢᠨ ᠰᠢᠨᠵᠢᠯᠡᠭᠡᠨ ᠤ ᠰᠠᠯᠠᠭ᠎ᠠ ᠶᠢᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠡᠬᠢ ᠪᠠᠶᠠᠯᠢᠭ ᠬᠢᠭᠡᠳ ᠣᠷᠴᠢᠨ ᠲᠣᠭᠤᠷᠢᠨ᠂ ᠮᠠᠲ᠋ᠧᠷᠢᠶᠠᠯ ᠬᠢᠭᠡᠳ ᠬᠢᠮᠢ ᠶᠢᠨ ᠠᠵᠤ ᠦᠢᠯᠡᠳᠪᠦᠷᠢ᠂ ᠡᠨᠧᠷᠭᠢ ᠶᠢᠨ ᠬᠦᠳᠡᠯᠭᠡᠭᠴᠢ ᠬᠦᠴᠦᠨ᠂ ᠰᠢᠷᠣᠢ ᠮᠣᠳᠣ ᠤᠰᠤᠨ ᠠᠰᠢᠭᠯᠠᠯᠲᠠ᠂ ᠲᠠᠷᠢᠶᠠᠯᠠᠩ᠂ ᠮᠠᠯ ᠡᠮᠨᠡᠯᠭᠡ ᠵᠡᠷᠭᠡ ᠬᠦᠷᠢᠶᠡᠨ ᠳᠤ 10 ᠣᠷᠴᠢᠮ ᠳ᠋ᠣᠺᠲ᠋ᠣᠷ ᠤᠨ ᠲᠤᠰᠬᠠᠢ ᠮᠡᠷᠭᠡᠵᠢᠯ ᠤᠨ ᠡᠷᠳᠡᠮ ᠤᠨ ᠴᠣᠯᠠ ᠣᠯᠭᠤᠬᠤ ᠴᠡᠭ ᠢ ᠪᠠᠶᠢᠷᠢᠰᠢᠭᠤᠯᠤᠨ ᠪᠠᠶᠢᠭᠤᠯᠵᠤ᠂ ᠤᠰᠤ ᠬᠥᠷᠥᠰᠥ ᠶᠢ ᠬᠠᠮᠠᠭᠠᠯᠠᠬᠤ ᠬᠢᠭᠡᠳ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠤᠬᠠᠭᠠᠨ᠂ ᠡᠮᠴᠢᠯᠡᠭᠡᠨ ᠤ ᠠᠨᠠᠭᠠᠬᠤ ᠤᠬᠠᠭᠠᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠬᠢᠭᠡᠳ ᠤᠷᠢᠳᠴᠢᠯᠠᠨ ᠰᠡᠷᠭᠡᠶᠢᠯᠡᠬᠦ ᠠᠨᠠᠭᠠᠬᠤ ᠤᠬᠠᠭᠠᠨ᠂ ᠰᠤᠷᠭᠠᠨ ᠬᠥᠮᠦᠵᠢᠯ ᠤᠨ ᠤᠬᠠᠭᠠᠨ᠂ ᠬᠡᠷᠡᠭᠯᠡᠭᠡᠨ ᠤ ᠠᠵᠤ ᠠᠬᠤᠢ ᠶᠢᠨ ᠤᠬᠠᠭᠠᠨ ᠵᠡᠷᠭᠡ ᠨᠢᠭᠡᠳᠦᠭᠡᠷ ᠳᠡᠰ ᠤᠨ ᠰᠢᠨᠵᠢᠯᠡᠭᠡᠨ ᠤ ᠰᠠᠯᠠᠭ᠎ᠠ ᠶᠢᠨ ᠳ᠋ᠣᠺᠲ᠋ᠣᠷ ᠴᠤᠯᠠ ᠣᠯᠭᠤᠬᠤ ᠴᠡᠭ ᠢ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠨ᠎ᠠ᠃ 2027 ᠣᠨ ᠪᠣᠯᠬᠤ ᠳᠤ᠂ ᠥᠪᠡᠷᠲᠡᠭᠡᠨ ᠵᠠᠰᠠᠬᠤ ᠣᠷᠣᠨ ᠤ ᠳ᠋ᠣᠺᠲ᠋ᠣᠷ ᠴᠣᠯᠠ ᠣᠯᠭᠤᠬᠤ ᠴᠡᠭ ᠤᠨ ᠶᠡᠷᠦᠩᠬᠡᠢ ᠲᠤᠭ᠎ᠠ ᠶᠢ 70 ᠣᠷᠴᠢᠮ ᠳᠤ ᠬᠦᠷᠦᠭᠦᠯᠬᠦ ᠪᠠᠷ ᠴᠢᠷᠮᠠᠶᠢᠨ᠎ᠠ᠃ ᠰᠦ ᠶᠢᠨ ᠦᠢᠯᠡᠰ᠂ ᠬᠤᠪᠣᠷ ᠰᠢᠷᠣᠢ᠂ ᠰᠢᠨ᠎ᠡ ᠡᠨᠧᠷᠭᠢ ᠵᠡᠷᠭᠡ ᠬᠦᠷᠢᠶᠡᠨ ᠳᠠᠬᠢ ᠭᠤᠣᠯᠳᠠᠯᠭ᠎ᠠ ᠲᠠᠢ ᠠᠵᠤ ᠠᠬᠤᠶᠢᠯᠠᠯ ᠤᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠪᠠᠷ ᠬᠥᠲᠥᠯᠥᠮᠵᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠰᠤᠳᠤᠯᠭᠠᠨ ᠤ ᠬᠦᠷᠢᠶᠡᠯᠡᠩ ᠢ ᠵᠣᠬᠢᠶᠠᠨ ᠪᠠᠶᠢᠭᠤᠯᠵᠤ᠂ ᠰᠤᠷᠭᠠᠭᠤᠯᠢ ᠠᠵᠤ ᠠᠬᠤᠶᠢᠯᠠᠯ ᠬᠠᠮᠵᠢᠯᠴᠠᠨ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠤᠨ᠂ ᠲᠠᠪᠤᠨ ᠶᠡᠭᠡ ᠡᠭᠦᠷᠭᠡ ᠶᠢᠨ ᠲᠣᠭᠤᠷᠢᠨ ᠳᠤ ᠪᠠᠴᠢᠮ ᠱᠠᠭᠠᠷᠳᠠᠬᠤ ᠪᠠ ᠳᠤᠲᠠᠭᠳᠠᠵᠤ ᠪᠠᠶᠢᠭ᠎ᠠ ᠬᠡᠷᠡᠭᠯᠡᠭᠡᠨ ᠤ ᠲᠦᠷᠦᠯ ᠤᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠬᠥᠮᠥᠵᠢᠭᠦᠯᠬᠦ ᠴᠢᠳᠠᠪᠤᠷᠢ ᠶᠢ ᠲᠦᠷᠭᠡᠳᠬᠡᠨ ᠳᠡᠭᠡᠭᠰᠢᠯᠡᠭᠦᠯᠦᠨ᠎ᠡ᠃      ᠲᠡᠷᠢᠭᠦᠨ ᠳᠡᠰ ᠤᠨ ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠶᠡᠭᠡ ᠳᠡᠭᠡᠳᠦ ᠰᠤᠷᠭᠠᠭᠤᠯᠢ ᠨᠤᠭᠤᠳ ᠢ ᠬᠥᠲᠥᠯᠥᠨ ᠵᠢᠯᠤᠭᠤᠳᠴᠤ ᠪᠠᠶᠢᠭᠠᠳ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠳᠤ ᠦᠢᠯᠡᠴᠢᠯᠡᠬᠦ ᠶᠢᠨ ᠲᠣᠭᠤᠷᠢᠨ ᠳᠤ᠂ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠡᠷᠢᠭᠦᠨ ᠳᠡᠰ ᠤᠨ ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢᠨ ᠴᠡᠭ ᠤᠨ ᠶᠠᠰᠤ ᠴᠢᠨᠠᠷ ᠢ ᠦᠷᠭᠦᠯᠵᠢᠯᠡᠨ ᠴᠢᠩᠭᠠᠳᠬᠠᠵᠤ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠲᠠᠰ ᠤᠨ ᠣᠲᠣ ᠦᠶ᠎ᠡ ᠶᠢᠨ ᠠᠵᠤ ᠦᠢᠯᠡᠰ ᠤᠨ ᠳᠡᠭᠡᠳᠦ ᠰᠤᠷᠭᠠᠭᠤᠯᠢ᠂ ᠲᠤᠰᠬᠠᠢ ᠮᠡᠷᠭᠡᠵᠢᠯ ᠤᠨ ᠣᠨᠴᠠᠯᠢᠭᠲᠤ ᠳᠡᠭᠡᠳᠦ ᠰᠤᠷᠭᠠᠭᠤᠯᠢ᠂ ᠢᠷᠡᠭᠡᠳᠦᠢ ᠶᠢᠨ ᠮᠡᠷᠭᠡᠵᠢᠯ ᠤᠨ ᠳᠡᠭᠡᠳᠦ ᠰᠤᠷᠭᠠᠭᠤᠯᠢ ᠪᠠ ᠰᠠᠭᠤᠷᠢ ᠰᠢᠨᠵᠢᠯᠡᠭᠡᠨ ᠤ ᠰᠠᠯᠠᠭ᠎ᠠ ᠶᠢᠨ ᠣᠷᠦ᠋ᠢᠯᠠᠭᠰᠠᠨ ᠰᠤᠷᠤᠭᠴᠢᠳ ᠢ ᠬᠥᠮᠥᠵᠢᠭᠦᠯᠬᠦ ᠰᠠᠭᠤᠷᠢᠨ ᠭᠠᠵᠠᠷ ᠢ ᠰᠠᠶᠢᠲᠤᠷ ᠪᠠᠶᠢᠭᠤᠯᠤᠨ ᠬᠦᠴᠦᠷᠬᠡᠭᠵᠢᠭᠦᠯᠵᠦ᠂ ᠰᠢᠯᠭᠠᠷᠠᠭᠰᠠᠨ ᠣᠷᠦ᠋ᠢᠯᠠᠬᠤ ᠴᠢᠳᠠᠪᠤᠷᠢᠲᠠᠳ ᠢ ᠶᠡᠭᠡ ᠪᠠᠷ ᠬᠥᠮᠥᠵᠢᠭᠦᠯᠦᠨ᠂ ᠴᠢᠳᠠᠪᠤᠷᠢᠲᠠᠳ ᠢ ᠪᠡᠶ᠎ᠡ ᠪᠠᠨ ᠳᠠᠭᠠᠭᠠᠵᠤ ᠬᠥᠮᠥᠵᠢᠭᠦᠯᠬᠦ ᠴᠢᠳᠠᠪᠤᠷᠢ ᠪᠠ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃    
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号