ᠰᠧ ᠯᠢ ᠶᠢᠩ ᠪᠠᠷᠠᠭᠤᠨ ᠨᠡᠶᠢᠭᠡᠮ ᠲᠣᠭᠤᠷᠢᠭ ᠤᠨ ᠬᠢᠨ ︽ᠡᠪᠦᠯ ᠤᠨ ᠡᠳᠦᠷ ᠲᠤ ᠬᠠᠶᠢᠷ᠎ᠠ ᠬᠠᠯᠠᠮᠵᠢ ᠬᠦᠷᠭᠡᠵᠦ᠂ ᠬᠥᠮᠦᠰ ᠤᠨ ᠰᠡᠳᠬᠢᠯ ᠢ ᠳᠤᠯᠠᠭᠠᠴᠠᠭᠤᠯᠬᠤ︾ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/1/17
     ᠡᠪᠦᠯ ᠤᠨ ᠤᠯᠠᠷᠢᠯ ᠤᠨ ᠭᠦᠨᠵᠡᠭᠡᠶᠢᠷᠡᠬᠦ ᠶᠢ ᠳᠠᠭᠠᠯᠳᠤᠨ᠂ ᠬᠠᠷᠢᠶᠠᠲᠤ ᠣᠷᠣᠨ ᠤ ᠬᠦᠢᠲᠡᠨ ᠠᠭᠤᠷ ᠠᠮᠢᠰᠬᠤᠯ ᠦᠷᠭᠦᠯᠵᠢᠯᠡᠵᠦ᠂ ᠰᠠᠭᠤᠭᠠᠯᠢ ᠠᠷᠠᠳ ᠤᠨ ᠡᠪᠦᠯᠵᠢᠬᠦ ᠠᠰᠠᠭᠤᠳᠠᠯ ᠨᠢ ᠰᠧ ᠯᠢ ᠶᠢᠩ ᠪᠠᠷᠠᠭᠤᠨ ᠨᠡᠶᠢᠭᠡᠮ ᠲᠣᠭᠤᠷᠢᠭ ᠤᠨ ᠬᠠᠮᠤᠭ ᠤᠨ ᠰᠠᠨᠠᠭᠠᠰᠢᠷᠠᠵᠤ ᠪᠠᠶᠢᠭ᠎ᠠ ᠶᠠᠪᠤᠳᠠᠯ ᠪᠣᠯᠵᠠᠶ᠃ ᠣᠶᠢᠷ᠎ᠠ ᠶᠢᠨ ᠬᠤᠭᠤᠴᠠᠭᠠᠨ ᠳᠤ᠂ ᠬᠤᠶᠠᠷ ᠵᠥᠪᠯᠡᠯ ᠤᠨ ᠤᠳᠤᠷᠢᠳᠬᠤ ᠪᠠᠭ ᠬᠠᠷᠢᠶ᠎ᠠ ᠣᠷᠣᠨ ᠳᠠᠭᠠᠨ ᠭᠦᠨᠵᠡᠭᠡᠶᠢᠷᠡᠨ ᠰᠤᠷᠪᠤᠯᠵᠢᠯᠠᠨ ᠪᠠᠶᠢᠴᠠᠭᠠᠵᠤ᠂ ᠣᠨᠴᠠ ᠵᠠᠷᠢᠮ ᠰᠠᠭᠤᠭᠠᠯᠢ ᠠᠷᠠᠳ ᠤᠨ ᠬᠡᠷ ᠤᠨ ᠳᠤᠯᠠᠭᠠᠯᠠᠭ᠎ᠠ ᠨᠢ ᠲᠡᠶᠢᠮᠦ ᠬᠠᠯᠠᠭᠤᠨ ᠪᠢᠰᠢ ᠪᠠᠶᠢᠬᠤ ᠶᠢ ᠣᠶᠢᠯᠠᠭᠠᠪᠠ᠃ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠯᠠᠨ ᠲᠦᠮᠡᠨ ᠢ ᠳᠤᠯᠠᠭᠠᠬᠠᠨ ᠡᠪᠦᠯ ᠢ ᠥᠩᠭᠡᠷᠡᠭᠦᠯᠬᠦ ᠶᠢᠨ ᠲᠥᠯᠥᠭᠡ᠂ ᠰᠧ ᠯᠢ ᠶᠢᠩ ᠪᠠᠷᠠᠭᠤᠨ ᠨᠡᠶᠢᠭᠡᠮ ᠲᠣᠭᠤᠷᠢᠭ ᠤᠨ ᠬᠢᠨ ᠪᠦᠬᠦ ᠠᠵᠢᠯᠲᠠᠳ ᠢ ᠵᠣᠬᠢᠶᠠᠨ ᠪᠠᠶᠢᠭᠤᠯᠤᠨ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠲᠤ ᠴᠠᠬᠢᠯᠭᠠᠨ ᠳᠤᠯᠠᠭᠠᠮᠵᠢ ᠲᠦᠭᠡᠭᠡᠵᠦ᠂ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠠᠰᠠᠭᠤᠳᠠᠯ ᠢ ᠰᠢᠢᠳᠪᠦᠷᠢᠯᠡᠵᠦ᠂ ᠤᠯᠠᠨ ᠲᠦᠮᠡᠨ ᠤ ᠡᠳᠦᠷ ᠲᠤᠳᠤᠮ ᠤᠨ ᠠᠮᠢᠳᠤᠷᠠᠯ ᠢ ᠪᠠᠲᠤᠯᠠᠵᠠᠢ᠃
     ᠠᠵᠢᠯᠲᠠᠳ ᠡᠷᠦᠬᠡ ᠳᠤ ᠬᠦᠷᠴᠦ ᠴᠠᠬᠢᠯᠭᠠᠨ ᠳᠤᠯᠠᠭᠠᠮᠵᠢ ᠲᠦᠭᠡᠭᠡᠬᠦ ᠶᠠᠪᠤᠴᠠ ᠳᠠᠭᠠᠨ ᠲᠤᠬᠠᠶ ᠶᠢᠨ ᠲᠠᠯᠠᠪᠤᠷ ᠲᠤ ᠲᠣᠨᠤᠭ ᠲᠥᠬᠦᠭᠡᠷᠦᠮᠵᠢ ᠶᠢᠨ ᠬᠡᠷᠡᠭᠯᠡᠬᠦ ᠠᠷᠭ᠎ᠠ ᠪᠠ ᠠᠩᠬᠠᠷᠬᠤ ᠵᠦᠢᠯ ᠢ ᠲᠠᠶᠢᠯᠪᠤᠷᠢᠯᠠᠨ ᠶᠠᠷᠢᠭᠰᠠᠨ ᠪᠥᠭᠡᠳ ᠡᠷᠦᠬᠡ ᠪᠦᠷᠢ ᠳᠤ ᠴᠥᠮ ᠰᠠᠭᠤᠭᠠᠯᠢ ᠠᠷᠠᠳ ᠲᠠᠢ ᠵᠣᠭᠤᠭᠳᠠᠨ᠂ ᠰᠡᠳᠬᠢᠯ ᠤᠨ ᠦᠭᠡ ᠪᠠᠨ ᠶᠠᠷᠢᠯᠴᠠᠵᠤ᠂ ᠰᠠᠭᠤᠭᠠᠯᠢ ᠠᠷᠠᠳ ᠵᠢᠴᠢ ᠲᠡᠳᠡᠨ ᠤ ᠬᠡᠷ ᠤᠨ ᠬᠥᠮᠦᠰ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠤᠨ ᠪᠠᠶᠢᠳᠠᠯ ᠢ ᠳᠣᠲᠣᠨᠣᠰᠤᠭ ᠢᠶᠠᠷ ᠠᠰᠠᠭᠤᠨ ᠯᠠᠪᠯᠠᠵᠤ᠂ ᠣᠯᠠᠨ ᠲᠦᠮᠡᠨ ᠤ ᠰᠡᠳᠬᠢᠯ ᠤᠨ ᠦᠭᠡ ᠶᠢ ᠰᠣᠨᠣᠰᠴᠤ᠂ ᠲᠡᠳᠡᠨ ᠤ ᠦᠨᠡᠨ ᠪᠣᠳᠠᠲᠠᠶ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠪᠠ᠃ ᠡᠭᠦᠨ ᠤ ᠵᠡᠷᠭᠡ ᠳᠤ᠂ ᠠᠵᠢᠯᠲᠠᠳ ᠨᠡᠶᠢᠭᠡᠮ ᠲᠣᠭᠤᠷᠢᠭ ᠤᠨ ᠬᠢᠨ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ ᠰᠠᠭᠤᠭᠠᠯᠢ ᠠᠷᠠᠳ ᠨᠢᠭᠡᠪᠦᠷᠢ ᠳᠤ ᠰᠠᠶᠢᠲᠤᠷ ᠦᠢᠯᠡᠴᠢᠯᠡᠬᠦ ᠬᠡᠷᠡᠭᠲᠡᠶ ᠭᠡᠵᠦ ᠢᠯᠡᠷᠬᠡᠶᠢᠯᠡᠭᠰᠡᠨ ᠪᠥᠭᠡᠳ ᠲᠡᠳᠡᠨ ᠢ ᠪᠡᠶ᠎ᠡ ᠪᠠᠨ ᠬᠢᠴᠢᠶᠡᠵᠦ᠂ ᠬᠦᠢᠲᠡᠨ ᠠᠴᠠ ᠰᠡᠷᠭᠡᠶᠢᠯᠡᠵᠦ ᠳᠤᠯᠠᠭᠠᠯᠠᠬᠤ ᠪᠠ ᠴᠠᠬᠢᠯᠭᠠᠨ ᠬᠡᠷᠡᠭᠯᠡᠬᠦ ᠠᠮᠤᠷ ᠲᠦᠪᠰᠢᠨ ᠢ ᠠᠩᠬᠠᠷᠬᠤ ᠬᠡᠷᠡᠭᠲᠡᠶ ᠭᠡᠵᠦ ᠵᠠᠬᠢᠭᠰᠠᠨ ᠪᠠᠶᠢᠨ᠎ᠠ᠃      ᠲᠣᠰ ᠤᠳᠠᠭᠠᠨ ᠤ ᠦᠢᠯᠡᠴᠢᠯᠡᠭᠡᠨ ᠤ ᠠᠵᠢᠯᠯᠠᠭ᠎ᠠ ᠨᠢ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠨᠡᠶᠢᠭᠡᠮ ᠲᠣᠭᠤᠷᠢᠭ ᠤᠨ ᠬᠠᠯᠠᠮᠵᠢᠯᠠᠯ ᠪᠠ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠭᠦᠯᠵᠦ᠂ ᠨᠡᠶᠢᠭᠡᠮ ᠲᠣᠭᠤᠷᠢᠭ ᠪᠣᠯᠤᠨ ᠣᠯᠠᠨ ᠲᠦᠮᠡᠨ ᠤ ᠬᠤᠭᠤᠷᠣᠨᠳᠣᠬᠢ ᠵᠠᠶ ᠶᠢ ᠣᠶᠢᠷᠠᠲᠤᠭᠤᠯᠬᠤ ᠶᠢᠨ ᠬᠠᠮᠲᠤ ᠪᠠᠰᠠ ᠨᠠᠮ ᠤᠨ ᠭᠡᠰᠢᠭᠦᠨ ᠪᠣᠯᠤᠨ ᠬᠤᠶᠠᠷ ᠵᠥᠪᠯᠡᠯ ᠤᠨ ᠪᠠᠭ ᠤᠨ ᠳᠠᠭᠠᠭᠤᠯᠬᠤ ᠦᠢᠯᠡᠳᠦᠯ ᠢ ᠪᠠᠳᠠᠷᠠᠭᠤᠯᠤᠭᠰᠠᠨ ᠪᠠᠶᠢᠨ᠎ᠠ᠃ ᠬᠤᠶᠢᠰᠢᠳᠠ ᠶᠢᠨ ᠠᠵᠢᠯ ᠤᠨ ᠳᠤᠮᠳᠠ᠂ ᠰᠧ ᠯᠢ ᠶᠢᠩ ᠪᠠᠷᠠᠭᠤᠨ ᠨᠡᠶᠢᠭᠡᠮ ᠲᠣᠭᠤᠷᠢᠭ ᠤᠨ ᠬᠢᠨ ᠦᠷᠭᠦᠯᠵᠢᠯᠡᠨ ᠬᠦᠴᠦᠯᠡᠵᠦ᠂ ᠰᠠᠭᠤᠭᠠᠯᠢ ᠠᠷᠠᠳ ᠢ ᠬᠠᠪᠰᠤᠷᠤᠨ ᠲᠤᠰᠬᠠᠭᠰᠠᠨ ᠬᠠᠯᠠᠮᠰᠢᠯ ᠠᠰᠠᠭᠤᠳᠠᠯ ᠪᠠ ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ ᠠᠵᠢᠯ ᠤᠨ ᠴᠢᠳᠠᠪᠤᠷᠢ ᠶᠢ ᠨᠢ ᠴᠢᠨᠠᠭᠰᠢᠳᠠ ᠳᠡᠭᠡᠭᠰᠢᠯᠡᠭᠦᠯᠵᠦ᠂ ᠠᠷᠠᠳ ᠤᠯᠠᠨ ᠳᠤ ᠦᠢᠯᠡᠴᠢᠯᠡᠵᠦ᠂ ᠰᠠᠶᠢᠨ ᠰᠠᠶᠢᠬᠠᠨ ᠭᠡᠷ ᠣᠷᠣᠨ ᠢ ᠬᠠᠮᠲᠤᠪᠠᠷ ᠪᠦᠳᠦᠬᠡᠨ ᠪᠠᠶᠢᠭᠤᠯᠬᠤ ᠪᠣᠯᠤᠨ᠎ᠠ᠃          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号