ᠭᠠᠵᠢᠭᠤ ᠨᠣᠮᠯᠠᠯ ᠤᠨ ᠬᠤᠣᠷ ᠬᠥᠨᠥᠭᠡᠯ ᠢ ᠡᠰᠡᠷᠭᠦᠴᠡᠬᠦ ᠶᠠᠪᠤᠳᠠᠯ ᠢ ᠤᠯᠠᠮ ᠨᠢᠭᠡ ᠠᠯᠬᠤᠮ | ᠲᠦᠭᠡᠮᠡᠯᠵᠢᠭᠦᠯᠵᠦ᠂ ᠬᠠᠷᠢᠶ᠎ᠠ ᠣᠷᠣᠨ ᠤ ᠵᠠᠯᠠᠭᠤᠴᠤᠳ ᠪᠠᠭᠠᠴᠤᠳ ᠤᠨ ᠵᠥᠪ ᠶᠢᠷᠲᠢᠨᠴᠦ ᠶᠢᠨ ᠦᠵᠡᠯᠲᠡ᠂ | ᠠᠮᠢᠳᠤᠷᠠᠬᠤᠶ ᠶᠢᠨ ᠦᠵᠡᠯᠲᠡ᠂ ᠦᠷᠳᠡᠭ ᠤᠨ ᠦᠵᠡᠯᠲᠡ ᠶᠢ ᠪᠤᠢ ᠪᠣᠯᠭᠠᠵᠤ᠂ ᠭᠠᠵᠢᠭᠤ ᠨᠣᠮᠯᠠᠯ ᠤᠨ ᠳᠡᠯᠭᠡᠷᠡᠬᠦ ᠶᠢ | ᠡᠷᠡᠰ ᠬᠤᠷᠢᠭᠯᠠᠬᠤ ᠶᠢᠨ ᠲᠦᠯᠦᠭᠡ᠂ ᠲᠦᠷᠦᠭᠦᠬᠡᠨ᠂ ᠴᠢᠩ ᠴᠢᠤᠸᠠᠨ ᠵᠡᠭᠡᠯᠢ ᠶᠢᠨ ᠨᠡᠶᠢᠭᠡᠮ ᠲᠣᠭᠤᠷᠢᠭ ᠤᠨ ᠬᠢᠨ | ᠴᠢᠩ ᠴᠢᠤᠸᠠᠨ ᠵᠡᠭᠡᠯᠢ ᠶᠢᠨ ᠪᠠᠭ᠎ᠠ ᠰᠤᠷᠭᠠᠭᠤᠯᠢ ᠶᠢᠨ ᠵᠠᠯᠠᠭᠤᠴᠤᠳ ᠪᠠᠭᠠᠴᠤᠳ ᠢ ᠵᠣᠬᠢᠶᠠᠨ ᠪᠠᠶᠢᠭᠤᠯᠵᠤ ᠭᠠᠵᠢᠭᠤ | ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | | | | | ᠠᠵᠢᠯᠯᠠᠭ᠎ᠠ ᠨᠢ ᠬᠢᠯᠪᠠᠷ ᠣᠶᠢᠯᠠᠭᠠᠮᠵᠢᠲᠠᠶ ᠦᠭᠡ ᠬᠡᠯᠡ ᠪᠠᠷ ᠵᠠᠯᠠᠭᠤᠴᠤᠳ ᠪᠠᠭᠠᠴᠤᠳ ᠲᠤ ︽ᠭᠠᠵᠢᠭᠤ | ᠨᠣᠮᠯᠠᠯ ᠭᠡᠭᠴᠢ ᠶᠠᠭᠤ ᠪᠤᠢ︾ ᠭᠡᠳᠡᠭ ᠢ ᠰᠢᠭᠤᠳ ᠪᠥᠭᠡᠳ ᠠᠮᠢᠳᠤᠯᠢᠭ ᠢᠶᠠᠷ ᠲᠠᠨᠢᠯᠴᠠᠭᠤᠯᠤᠭᠰᠠᠨ ᠪᠥᠭᠡᠳ ᠪᠣᠳᠠᠲᠤ | ᠠᠮᠢᠳᠤᠷᠠᠯ ᠤᠨ ᠳᠤᠮᠳᠠᠬᠢ ᠠᠮᠢᠳᠤᠯᠢᠭ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠨᠡᠶᠢᠭᠡᠮ | ᠲᠣᠭᠤᠷᠢᠭ ᠤᠨ ᠵᠠᠯᠠᠭᠤᠴᠤᠳ ᠪᠠᠭᠠᠴᠤᠳ ᠲᠤ ᠭᠠᠵᠢᠭᠤ ᠨᠣᠮᠯᠠᠯ ᠤᠨ ᠬᠤᠣᠷ ᠬᠥᠨᠥᠭᠡᠯ᠂ ᠭᠠᠵᠢᠭᠤ ᠨᠣᠮᠯᠠᠯ ᠤᠨ | ᠤᠯᠠᠨ ᠲᠦᠮᠡᠨ ᠢ ᠮᠡᠬᠡᠯᠡᠬᠦ ᠠᠷᠭ᠎ᠠ ᠪᠠᠰᠢᠷ ᠵᠡᠷᠭᠡ ᠮᠡᠳᠡᠯᠭᠡ ᠶᠢ ᠭᠦᠨᠵᠡᠭᠡᠶ ᠪᠥᠭᠡᠳ ᠣᠶᠢᠯᠠᠭᠠᠮᠵᠢᠲᠠᠶ ᠪᠠᠷ | ᠲᠠᠶᠢᠯᠪᠤᠷᠢᠯᠠᠨ ᠦᠭᠴᠡᠢ᠃ ᠵᠠᠯᠠᠭᠤᠴᠤᠳ ᠪᠠᠭᠠᠴᠤᠳ ᠲᠤ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠲᠠᠢ | ᠲᠡᠮᠡᠴᠡᠬᠦ ᠪᠣᠯ ᠨᠢᠭᠡᠨ ᠲᠥᠪ ᠴᠢᠩᠭ᠎ᠠ ᠲᠡᠮᠡᠴᠡᠯ ᠮᠥᠨ ᠭᠡᠳᠡᠭ ᠢ ᠭᠦᠨᠵᠡᠭᠡᠶ ᠲᠠᠨᠢᠭᠤᠯᠬᠤ ᠶᠢᠨ ᠬᠠᠮᠲᠤ ᠬᠡᠷᠬᠢᠨ | ᠰᠢᠨᠵᠢᠯᠡᠬᠦ ᠤᠬᠠᠭᠠᠨᠴᠢ ᠬᠠᠷᠠᠴᠠ ᠪᠠᠷ ᠭᠠᠵᠢᠭᠤ ᠨᠣᠮᠯᠠᠯ ᠤᠨ ᠨᠡᠶᠢᠭᠡᠮ ᠳᠤ ᠤᠴᠠᠷᠠᠭᠤᠯᠬᠤ ᠬᠤᠣᠷ ᠬᠥᠨᠥᠭᠡᠯ ᠳᠤ | ᠬᠠᠨᠳᠤᠵᠤ᠂ ᠬᠠᠷᠠᠬᠠᠨ ᠪᠠᠭ᠎ᠠ ᠠᠴᠠ ᠪᠠᠨ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠪᠤᠢ ᠪᠣᠯᠭᠠᠬᠤ | ᠬᠡᠷᠡᠭᠲᠡᠶ ᠭᠡᠵᠦ ᠰᠤᠷᠭᠠᠪᠠ᠃ | | | | | ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠬᠠᠷᠢᠶᠠᠲᠤ ᠣᠷᠣᠨ ᠤ ᠵᠠᠯᠠᠭᠤᠴᠤᠳ ᠪᠠᠭᠠᠴᠤᠳ ᠤᠨ | ᠭᠠᠵᠢᠭᠤ ᠨᠣᠮᠯᠠᠯ ᠢ ᠡᠰᠡᠷᠭᠦᠴᠡᠬᠦ ᠤᠬᠠᠮᠰᠠᠷ ᠢ ᠴᠢᠩᠭᠠᠳᠬᠠᠵᠤ᠂ ᠭᠠᠵᠢᠭᠤ ᠨᠣᠮᠯᠠᠯ ᠤᠨ ᠵᠣᠬᠢᠶᠠᠨ | ᠪᠠᠶᠢᠭᠤᠯᠤᠯᠲᠠ ᠶᠢᠨ ᠳᠣᠲᠣᠭᠠᠳᠤ ᠮᠥᠨ ᠴᠢᠨᠠᠷ ᠢ ᠲᠣᠳᠣᠷᠬᠠᠶ ᠲᠠᠨᠢᠵᠤ᠂ ᠨᠡᠶᠢᠭᠡᠮ ᠲᠣᠭᠤᠷᠢᠭ ᠤᠨ ᠵᠠᠯᠠᠭᠤᠴᠤᠳ | ᠪᠠᠭᠠᠴᠤᠳ ᠲᠤ ᠥᠮᠥᠭᠡᠷᠡᠬᠦ ᠰᠢᠬᠦᠷ ᠪᠤᠰᠬᠠᠨ ᠥᠭᠴᠦ᠂ ᠲᠡᠳᠡᠨ ᠤ ᠨᠢᠯᠬ᠎ᠠ ᠪᠠᠭ᠎ᠠ ᠣᠶᠤᠨ ᠰᠠᠨᠠᠭ᠎ᠠ ᠶᠢ ᠭᠠᠵᠢᠭᠤ | ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠬᠠᠯᠳᠠᠯᠭ᠎ᠠ ᠠᠴᠠ ᠵᠠᠶᠢᠳᠠᠭᠤᠯᠵᠤ᠂ ᠲᠡᠳᠡᠨ ᠢ ︽ᠰᠢᠨᠵᠢᠯᠡᠬᠦ ᠤᠬᠠᠭᠠᠨᠴᠢ᠂ | ᠬᠠᠤᠯᠢ ᠪᠠᠷ ᠵᠠᠰᠠᠬᠤ᠂ ᠡᠶ᠎ᠡ ᠵᠣᠬᠢᠴᠠᠯ ᠲᠠᠢ︾ ᠨᠡᠶᠢᠭᠡᠮ ᠤᠨ ᠠᠭᠤᠷ ᠠᠮᠢᠰᠬᠤᠯ ᠳᠤ ᠠᠮᠢᠳᠤᠷᠠᠭᠤᠯᠬᠤ ᠪᠤᠯᠤᠨ᠎ᠠ᠃ | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ | | |