ᠣᠶᠢᠷ᠎ᠠ ᠳᠤ᠂ ᠢᠦᠶ ᠴᠢᠤᠸᠠᠨ ᠲᠣᠭᠤᠷᠢᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ ᠰᠠᠭᠤᠭᠠᠯᠢ ᠠᠷᠠᠳ ᠤᠨ ᠬᠠᠷᠢᠭᠤ ᠲᠤᠰᠬᠠᠯ ᠢ ᠤᠯᠵᠤ᠂ ᠬᠠᠷᠢᠭᠤ ᠲᠤᠰᠬᠠᠯ ᠤᠨ ᠠᠭᠤᠯᠭ᠎ᠠ ᠨᠢ ᠶᠡᠭᠡ | ᠡᠮᠦᠨ᠎ᠡ ᠵᠡᠭᠡᠯᠢ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠶᠡᠭᠡ ᠵᠣᠣ ᠨᠡᠶᠢᠭᠡᠮ ᠲᠣᠭᠤᠷᠢᠭ ᠤᠨ ᠰᠢᠨ | ᠱᠧᠩ ᠵᠡᠭᠡᠯᠢ ᠶᠢᠨ ᠴᠠᠬᠢᠯᠭᠠᠨ ᠤᠲᠠᠰᠤ ᠤᠨᠠᠵᠤ᠂ ᠠᠮᠤᠷ ᠲᠦᠪᠰᠢᠨ ᠤ ᠳᠠᠯᠳᠠ ᠬᠡᠮ ᠣᠷᠣᠰᠢᠵᠤ᠂ ᠰᠠᠭᠤᠭᠠᠯᠢ | ᠠᠷᠠᠳ ᠤᠨ ᠶᠠᠪᠤᠵᠤ ᠰᠠᠭᠤᠬᠤ ᠶᠢ ᠨᠥᠯᠥᠭᠡᠯᠡᠵᠦ ᠪᠠᠶᠢᠨ᠎ᠠ᠃ | | | | | ᠡᠯᠭᠦᠭᠡ ᠤᠲᠠᠰᠤ ᠶᠢ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠲᠣᠭᠤᠷᠢᠭ ᠤᠨ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠢᠮᠠᠭᠲᠠ ᠣᠯᠠᠨ ᠲᠦᠮᠡᠨ ᠤ ᠬᠠᠷᠢᠭᠤ ᠲᠤᠰᠬᠠᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠣᠷᠴᠢᠨ ᠲᠣᠭᠤᠷᠢᠨ ᠢ | ᠠᠮᠤᠷ ᠲᠦᠪᠰᠢᠨ᠂ ᠴᠡᠪᠡᠷ ᠲᠡᠭᠰᠢ ᠪᠠᠶᠢᠯᠭᠠᠬᠤ ᠪᠠᠷ ᠬᠠᠷᠠᠯᠲᠠ ᠪᠣᠯᠭᠠᠨ᠂ ᠬᠠᠷᠢᠭᠤ ᠲᠤᠰᠬᠠᠯ ᠢ ᠣᠯᠤᠭᠰᠠᠨ ᠤ | ᠳᠠᠷᠠᠭ᠎ᠠ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠡᠷᠡ ᠳᠠᠷᠤᠶ ᠳᠤᠨᠢ ᠠᠵᠢᠯᠲᠠᠨ ᠲᠣᠮᠢᠯᠠᠨ ᠲᠤᠬᠠᠶ ᠶᠢᠨ | ᠲᠠᠯᠠᠪᠤᠷ ᠲᠤ ᠣᠴᠢᠭᠤᠯᠵᠤ ᠰᠢᠢᠳᠪᠦᠷᠢᠯᠡᠬᠦ ᠶᠢ ᠳᠥᠯᠭᠢᠨ ᠠᠬᠢᠭᠤᠯᠤᠭᠰᠠᠭᠠᠷ ᠢᠷᠡᠵᠡᠶ᠃ | | | | | ᠲᠣᠭᠤᠷᠢᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠤᠪᠴᠢᠶ᠎ᠠ ᠶᠢᠨ ᠠᠵᠢᠯᠳᠠᠨ | ᠲᠤᠬᠠᠢ ᠶᠢᠨ ᠲᠠᠯᠠᠪᠠᠢ ᠳᠤ ᠬᠦᠷᠦᠭᠰᠡᠨ ᠤ ᠲᠠᠷᠠᠭ᠎ᠠ᠂ ᠤᠨᠠᠭᠰᠠᠨ ᠴᠠᠬᠢᠯᠭᠠᠨ ᠤᠲᠠᠰᠤ ᠨᠢ ᠦᠨᠡᠨ ᠳᠡᠭᠡᠨ ᠭᠡᠷᠡᠯᠯᠢᠭ | ᠳᠡᠭᠡᠰᠦᠨ ᠤ ᠪᠠᠭᠴᠠ ᠪᠣᠯᠬᠤ ᠶᠢ ᠮᠡᠳᠡᠵᠦ᠂ ᠡᠭᠦᠨ ᠳᠤ ᠨᠡᠶᠢᠳᠡ ᠲᠦᠷᠪᠡᠨ ᠭᠡᠷᠡᠯᠯᠢᠭ ᠳᠡᠭᠡᠰᠦ ᠪᠠᠶᠢᠵᠤ᠂ | ᠭᠠᠵᠠᠷ ᠠᠴᠠ ᠨᠡᠯᠢᠶᠡᠳ ᠥᠨᠳᠥᠷ ᠮᠥᠷᠲᠡᠭᠡᠨ ᠨᠢᠭᠡ ᠭᠡᠷᠡᠯᠯᠢᠭ ᠳᠡᠭᠡᠰᠦ ᠲᠠᠰᠤᠷᠠᠭᠰᠠᠨ ᠢ ᠬᠢᠨᠠᠨ ᠮᠠᠭᠠᠳᠯᠠᠭᠠᠳ᠂ | ᠲᠡᠷᠡ ᠳᠠᠷᠤᠢ ᠳᠤᠨᠢ ᠡᠯᠭᠦᠭᠡ ᠤᠲᠠᠰᠤ ᠶᠢ ᠴᠡᠭᠴᠡᠯᠡᠨ ᠵᠠᠰᠠᠬᠤ ᠪᠠᠷᠢᠯᠭ᠎ᠠ ᠶᠢᠨ ᠠᠩᠬᠢ ᠶᠢᠨ ᠠᠵᠢᠯᠴᠢᠳ ᠲᠠᠢ | ᠬᠠᠷᠢᠯᠴᠠᠵᠤ ᠰᠢᠢᠳᠪᠦᠷᠢᠯᠡᠪᠡ᠃ ᠠᠵᠢᠯᠴᠢᠨ ᠪᠣᠯᠤᠨ ᠥᠨᠳᠥᠷ ᠵᠢᠶᠠᠰᠠ ᠲᠠᠢ ᠲᠡᠷᠭᠡ ᠲᠤᠬᠠᠶ ᠶᠢᠨ ᠲᠠᠯᠠᠪᠤᠷ ᠲᠤ | ᠬᠦᠷᠦᠭᠰᠡᠨ ᠤ ᠳᠠᠷᠠᠭ᠎ᠠ ᠲᠡᠷᠡ ᠳᠠᠷᠤᠶ ᠳᠤᠨᠢ ᠡᠬᠢᠯᠡᠨ ᠵᠠᠰᠠᠵᠤ᠂ ᠲᠠᠰᠤᠷᠬᠠᠶ ᠭᠡᠷᠡᠯᠯᠢᠭ ᠳᠡᠭᠡᠰᠦᠨ ᠤ ᠪᠠᠶᠢᠳᠠᠯ ᠢ | ᠪᠠᠶᠢᠴᠠᠭᠠᠭᠰᠠᠨ ᠳᠤ᠂ ᠭᠡᠷᠡᠯᠯᠢᠭ ᠳᠡᠭᠡᠰᠦ ᠨᠢᠭᠡᠨᠲᠡ ᠬᠠᠶᠠᠭᠳᠠᠭᠰᠠᠨ ᠢ ᠣᠯᠵᠤ ᠮᠡᠳᠡᠵᠡᠶ᠂ ᠠᠵᠢᠯᠴᠢᠨ ᠪᠠᠭᠰᠢ ᠲᠣᠰ | ᠬᠠᠶᠠᠭᠳᠠᠮᠠᠯ ᠴᠠᠬᠢᠯᠭᠠᠨ ᠳᠡᠭᠡᠰᠦ ᠶᠢ ᠬᠠᠶᠢᠴᠢᠯᠠᠨ ᠠᠪᠴᠤ᠂ ᠪᠤᠰᠤᠳ ᠢ ᠨᠢ ᠪᠣᠭᠤᠬᠤ ᠶᠢᠨ ᠬᠠᠮᠲᠤ ᠭᠡᠷᠡᠯᠯᠢᠭ | ᠳᠡᠭᠡᠰᠦ ᠶᠢ ᠴᠢᠩᠭᠠᠯᠠᠵᠤ ᠭᠠᠵᠠᠷ ᠠᠴᠠ ᠰᠠᠯᠬᠤ ᠥᠨᠳᠥᠷ ᠤᠨ ᠬᠡᠮᠵᠢᠶ᠎ᠡ ᠶᠢ ᠳᠡᠭᠡᠭᠰᠢᠯᠡᠭᠦᠯᠦᠨ ᠡᠯᠭᠦᠭᠡ ᠤᠲᠠᠰᠤ ᠶᠢᠨ | ᠤᠨᠠᠵᠤ ᠢᠷᠡᠬᠦ ᠠᠰᠠᠭᠤᠳᠠᠯ ᠢ ᠰᠢᠢᠳᠪᠦᠷᠢᠯᠡᠪᠡ᠃ | ᠲᠠᠷᠠᠭᠠᠴᠢ ᠶᠢᠨ ᠠᠯᠬᠤᠮ ᠳᠤ᠂ ᠲᠣᠭᠤᠷᠢᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ ᠰᠠᠭᠤᠭᠠᠯᠢ ᠠᠷᠠᠳ ᠤᠨ ᠬᠠᠷᠢᠭᠤ ᠲᠤᠰᠬᠠᠯ ᠢ ᠦᠷᠭᠦᠯᠵᠢᠯᠡᠨ ᠳᠡᠭᠡᠳᠦ ᠬᠡᠮᠵᠢᠶ᠎ᠡ ᠪᠠᠷ ᠠᠩᠬᠠᠷᠴᠤ᠂ | ᠬᠠᠮᠤᠭ ᠤᠨ ᠲᠡᠷᠢᠭᠦᠨ ᠳᠤ ᠰᠢᠢᠳᠪᠦᠷᠢᠯᠡᠬᠦ ᠶᠢ ᠳᠥᠯᠭᠢᠨ ᠠᠬᠢᠭᠤᠯᠵᠤ᠂ ᠰᠠᠭᠤᠭᠠᠯᠢ ᠠᠷᠠᠳ ᠤᠨ ᠠᠮᠤᠷ ᠲᠦᠪᠰᠢᠨ᠂ | ᠴᠡᠪᠡᠷ ᠲᠡᠭᠰᠢ ᠣᠷᠣᠰᠢᠨ ᠰᠠᠭᠤᠬᠤ ᠣᠷᠴᠢᠨ ᠲᠣᠭᠤᠷᠢᠨ ᠢ ᠪᠣᠶ ᠪᠣᠯᠭᠠᠨ᠎ᠠ᠃ | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ | |