ᠢᠦᠢ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠵᠢᠯ ᠤᠨ ᠡᠴᠦᠰ ᠵᠢᠯ ᠤᠨ ᠡᠬᠢᠨ ᠤ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠦᠷᠨᠢᠭᠦᠯᠪᠡ
ᠨᠡᠶᠢᠲᠡᠯᠡᠭᠰᠡᠨ ᠴᠠᠭ᠄
2024/1/18
     ᠪᠥᠬᠦ ᠲᠤᠭᠤᠷᠢᠭ ᠤᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠬᠡᠷᠡᠭᠯᠡᠯᠲᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ᠂ ᠢᠦᠶ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠬᠠᠷᠢᠶᠠᠲᠤ ᠣᠷᠣᠨ ᠤ ᠪᠠᠨ ᠬᠥᠮᠦᠨ ᠣᠯᠠᠨ ᠴᠤᠭᠯᠠᠷᠠᠳᠠᠭ ᠲᠠᠯᠠᠪᠤᠷ ᠤᠨ ᠬᠡᠷᠡᠭᠯᠡᠵᠦ ᠪᠠᠶᠢᠭ᠎ᠠ ᠴᠠᠬᠢᠯᠭᠠᠨ ᠱᠠᠲᠤ ᠳᠤ ᠠᠮᠤᠷ ᠲᠦᠪᠰᠢᠨ ᠤ ᠪᠠᠶᠢᠴᠠᠭᠠᠯᠲᠠ ᠬᠢᠪᠠ᠃
     ᠬᠠᠤᠯᠢ ᠬᠡᠷᠡᠭᠵᠢᠭᠦᠯᠬᠦ ᠠᠵᠢᠯᠲᠠᠨ ᠬᠡᠷᠡᠭᠯᠡᠬᠦ ᠨᠢᠭᠡᠴᠢ ᠵᠢᠴᠢ ᠠᠮᠤᠷ ᠢ ᠬᠠᠮᠠᠭᠠᠯᠠᠬᠤ ᠨᠢᠭᠡᠴᠢ ᠶᠢᠨ ᠠᠶᠤᠯᠭᠦᠶ ᠦᠢᠯᠡᠳᠪᠦᠷᠢᠯᠡᠯ ᠤᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠠᠶᠢᠴᠠᠭᠠᠯᠲᠠ ᠬᠢᠪᠠ᠃ ᠠᠶᠤᠯᠭᠦᠶ ᠦᠢᠯᠡᠳᠪᠦᠷᠢᠯᠡᠯ ᠤᠨ ᠲᠦᠷᠢᠮ ᠤᠨ ᠪᠦᠷᠢᠨ ᠲᠡᠭᠦᠯᠳᠡᠷ ᠪᠠᠶᠢᠬᠤ ᠡᠰᠡᠬᠦ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠵᠢᠴᠢ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢᠨ ᠪᠠᠶᠢᠳᠠᠯ᠂ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ 73᠂ 74 ᠳ᠋ᠤᠭᠡᠷ ᠲᠣᠭᠠᠲᠤ ᠵᠠᠷᠯᠢᠭ ᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠶᠢ ᠪᠠᠶᠢᠴᠠᠭᠠᠪᠠ᠃ ᠬᠡᠷᠡᠭᠯᠡᠬᠦ ᠨᠢᠭᠡᠴᠢ ᠪᠣᠯᠤᠨ ᠠᠮᠤᠷ ᠢ ᠬᠠᠮᠠᠭᠠᠯᠠᠬᠤ ᠨᠢᠭᠡᠴᠢ ᠪᠠᠶᠠᠷ ᠳᠤᠷᠠᠰᠬᠠᠯ ᠤᠨ ᠠᠮᠠᠷᠠᠯᠲᠠ ᠶᠢᠨ ᠬᠤᠭᠤᠴᠠᠭᠠᠨ ᠳᠤ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠴᠠᠬᠢᠯᠭᠠᠨ ᠱᠠᠲᠤᠨ ᠤ ᠠᠮᠤᠷ ᠲᠦᠪᠰᠢᠨ ᠢᠶᠠᠷ ᠠᠵᠢᠯᠯᠠᠵᠤ ᠪᠠᠶᠢᠭ᠎ᠠ ᠪᠠᠶᠢᠳᠠᠯ ᠢ ᠴᠢᠩᠭ᠎ᠠ ᠪᠠᠶᠢᠴᠠᠭᠠᠬᠤ ᠬᠡᠷᠡᠭᠲᠡᠶ᠃ ᠴᠠᠬᠢᠯᠭᠠᠨ ᠱᠠᠲᠤ ᠶᠢᠨ ᠬᠡᠷᠡᠭᠯᠡᠬᠦ ᠲᠡᠮᠳᠡᠭ ᠵᠢᠴᠢ ᠱᠠᠲᠤᠨ ᠳᠤ ᠰᠠᠭᠤᠬᠤ ᠮᠡᠳᠡᠪᠡᠰᠦ ᠵᠤᠬᠢᠬᠤ ᠵᠦᠢᠯ ᠢ ᠢᠯᠡ ᠭᠠᠵᠠᠷ ᠲᠤ ᠨᠠᠭᠠᠭᠰᠠᠨ ᠡᠰᠡᠬᠦ᠂ ᠴᠠᠬᠢᠯᠭᠠᠨ ᠱᠠᠲᠤ ᠶᠢᠨ ᠡᠭᠦᠳᠡᠨ ᠤ ᠬᠠᠪᠴᠢᠭᠤᠷ ᠢ ᠰᠡᠷᠭᠡᠶᠢᠯᠡᠬᠦ ᠲᠣᠨᠣᠭᠯᠠᠯ ᠤᠨ ᠬᠦᠴᠦᠨ ᠲᠠᠢ ᠡᠰᠡᠬᠦ᠂ ᠴᠠᠬᠢᠯᠭᠠᠨ ᠱᠠᠲᠤ ᠶᠢᠨ ᠬᠦᠴᠦᠨ ᠲᠠᠢ ᠬᠤᠭᠤᠴᠠᠭᠠᠨ ᠳᠤ ᠪᠠᠶᠢᠬᠤ ᠡᠰᠡᠬᠦ ᠵᠢᠴᠢ ᠬᠠᠮᠠᠭᠠᠯᠠᠯᠲᠠ ᠶᠢᠨ ᠪᠠᠶᠢᠳᠠᠯ ᠢ ᠰᠢᠯᠭᠠᠨ ᠪᠠᠶᠢᠴᠠᠭᠠᠬᠤ ᠬᠡᠷᠡᠭᠲᠡᠶ᠃ ᠠᠮᠤᠷ ᠢ ᠬᠠᠮᠠᠭᠠᠯᠠᠬᠤ ᠠᠵᠢᠯᠲᠠᠨ ᠠᠮᠤᠷ ᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠠᠮᠤᠷ ᠢ ᠬᠠᠮᠠᠭᠠᠯᠠᠬᠤ ᠶᠠᠰᠤ ᠴᠢᠨᠠᠷ ᠢ ᠪᠠᠲᠤᠯᠠᠵᠤ᠂ ᠴᠠᠬᠢᠯᠭᠠᠨ ᠱᠠᠲᠤ ᠶᠢᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃
     ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠵᠢᠯ ᠤᠨ ᠡᠴᠦᠰ ᠵᠢᠯ ᠤᠨ ᠡᠬᠢᠨ ᠤ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ ᠡᠯ᠎ᠡ ᠲᠦᠷᠦᠯ ᠤᠨ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠰᠡᠷᠭᠡᠶᠢᠯᠡᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠨ᠎ᠠ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ  
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号