ᠢᠦᠶ ᠴᠢᠤᠸᠠᠨ ᠯᠠ ᠰᠠᠷ᠎ᠠ ᠶᠢᠨ ᠨᠠᠢᠮᠠᠨ ᠤ ᠰᠠᠷᠢᠮᠰᠠᠭ ᠦᠢᠯᠡᠳᠬᠦ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/1/19
     ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠢ ᠳᠡᠯᠭᠡᠨ ᠦᠵᠡᠭᠦᠯᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ 1 ᠳ᠋ᠤᠭᠡᠷ ᠰᠠᠷ᠎ᠠ ᠶᠢᠨ 17 ᠤ ᠡᠳᠦᠷ᠂ ᠱᠢ ᠳ᠋ᠦᠩ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢᠦᠶ ᠴᠢᠤᠸᠠᠨ ᠯᠢᠩ ᠢ ᠨᠡᠶᠢᠭᠡᠮ ᠤᠨ ᠦᠢᠯᠡᠴᠢᠯᠡᠭᠡᠨ ᠤ ᠲᠥᠪ ᠲᠠᠢ ᠬᠠᠮᠲᠤᠷᠠᠨ ᠯᠠ ᠰᠠᠷ᠎ᠠ ᠶᠢᠨ ᠨᠠᠢᠮᠠᠨ ᠤ ᠰᠠᠷᠢᠮᠰᠠᠭ ᠦᠢᠯᠡᠳᠬᠦ ᠭᠤᠤᠯ ᠰᠡᠳᠦᠪᠲᠦ ᠠᠵᠢᠯᠯᠠᠭ᠎ᠠ ᠶᠢ ᠡᠷᠭᠢᠯᠡᠪᠡ᠃    
     ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠰᠠᠭᠤᠭᠠᠯᠢ ᠠᠷᠠᠳ ᠡᠯ᠎ᠡ ᠵᠦᠢᠯ ᠤᠨ ᠬᠠᠷᠢᠯᠴᠠᠨ ᠦᠢᠯᠡᠳᠦᠯᠴᠡᠬᠦ ᠲᠣᠭᠯᠠᠭᠠᠮ ᠳᠤ ᠢᠳᠡᠪᠬᠢᠲᠡᠶ ᠣᠷᠣᠯᠴᠠᠵᠤ᠂ ᠡᠭᠦᠨ ᠳᠤ ᠬᠠᠮᠤᠭ ᠤᠨ ᠬᠦᠷᠢᠶᠡᠯᠡᠯ ᠲᠠᠢ ᠨᠢ ︽ᠰᠢᠲᠠᠷ᠎ᠠ ᠶᠢᠨ ᠤᠷᠤᠯᠳᠤᠭᠠᠨ︾ ᠪᠣᠯᠤᠨ᠎ᠠ᠃ ︽ᠰᠢᠲᠠᠷ᠎ᠠ ᠶᠢᠨ ᠤᠷᠤᠯᠳᠤᠭᠠᠨ︾ ᠳᠤ᠂ ᠰᠠᠭᠤᠭᠠᠯᠢ ᠠᠷᠠᠳ ᠬᠤᠷᠤᠭᠤ ᠪᠠᠷ ᠢᠶᠠᠨ ᠰᠤᠮᠤ ᠪᠠᠨ ᠨᠥᠭᠦᠭᠡ ᠡᠲᠡᠭᠡᠳ ᠤᠨ ᠢᠶᠠᠨ ᠰᠢᠲᠠᠷ᠎ᠠ ᠶᠢᠨ ᠬᠥᠯᠭᠡ ᠳᠤ ᠬᠠᠷᠪᠤᠨ ᠤᠷᠤᠭᠤᠯᠵᠤ᠂ ᠤᠷᠤᠯᠳᠤᠭᠠᠨ ᠤ ᠶᠠᠪᠤᠴᠠ ᠳᠤ ᠬᠤᠷᠴᠠ ᠰᠢᠷᠦᠭᠦᠨ ᠰᠡᠳᠦᠯᠲᠡ ᠥᠭᠴᠦ᠂ ᠪᠠᠶᠠᠷ ᠪᠠᠶᠠᠰᠤᠯ ᠢᠶᠠᠷ ᠪᠢᠯᠬᠠᠵᠤ ᠪᠠᠶᠢᠯ᠎ᠠ᠃
     ᠨᠠᠭᠠᠳᠤᠮ ᠲᠣᠭᠯᠠᠭᠠᠮ ᠠᠴᠠ ᠭᠠᠳᠠᠨ᠎ᠠ᠂ ᠠᠵᠢᠯᠯᠠᠭ᠎ᠠ ᠶᠢᠨ ᠲᠠᠯᠠᠪᠠᠶ ᠳᠤ ᠪᠠᠰᠠ ᠯᠠ ᠰᠠᠷ᠎ᠠ ᠶᠢᠨ ᠨᠠᠢᠮᠠᠨ ᠤ ᠰᠠᠷᠢᠮᠰᠠᠭ ᠳᠠᠪᠤᠰᠤᠯᠠᠬᠤ ᠪᠠ ᠪᠤᠶᠠᠨ ᠤ ᠥᠰᠥᠭ ᠪᠢᠴᠢᠬᠦ ᠭᠤᠭᠴᠤᠭ᠎ᠠ ᠲᠣᠬᠢᠷᠠᠭᠤᠯᠤᠭᠰᠠᠨ ᠪᠠᠶᠢᠳᠠᠭ᠃ ᠰᠠᠭᠤᠭᠠᠯᠢ ᠠᠷᠠᠳ ᠨᠡᠶᠢᠭᠡᠮ ᠤᠨ ᠠᠵᠢᠯᠴᠢᠳ ᠤᠨ ᠵᠢᠯᠤᠭᠤᠳᠤᠯᠭ᠎ᠠ ᠪᠠᠷ ᠥᠪᠡᠷ ᠤᠨ ᠭᠠᠷ ᠢᠶᠠᠷ ᠢᠶᠠᠨ ᠨᠢᠭᠡ ᠯᠣᠩᠬᠤ ᠯᠠ ᠰᠠᠷ᠎ᠠ ᠶᠢᠨ ᠨᠠᠢᠮᠠᠨ ᠤ ᠰᠠᠷᠢᠮᠰᠠᠭ ᠳᠠᠪᠤᠰᠤᠯᠠᠵᠠᠶ᠃ ᠡᠭᠦᠨ ᠤ ᠬᠠᠮᠲᠤ᠂ ᠲᠠᠳᠠ ᠪᠠᠰᠠ ᠤᠯᠠᠭᠠᠨ ᠴᠠᠭᠠᠰᠤᠨ ᠳᠡᠭᠡᠷ᠎ᠡ ᠥᠯᠵᠡᠶ ᠪᠡᠯᠭᠡ ᠲᠠᠢ ᠪᠡᠯᠭᠡᠳᠡᠯ ᠤᠨ ᠥᠰᠥᠭ ᠤᠳ ᠢ ᠪᠢᠴᠢᠵᠦ᠂ ᠰᠢᠨ᠎ᠡ ᠵᠢᠯ ᠤᠨ ᠰᠠᠶᠢᠨ ᠰᠠᠶᠢᠬᠠᠨ ᠢᠷᠥᠭᠡᠯ ᠢᠶᠠᠨ ᠢᠯᠡᠳᠬᠡᠵᠡᠶ᠃
     ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠠᠷᠠᠳ ᠤᠨ ᠵᠠᠩ  ᠦᠢᠯᠡ ᠶᠢᠨ ᠰᠣᠶᠣᠯ ᠢ ᠣᠶᠢᠯᠠᠭᠠᠬᠤ ᠪᠠᠷ ᠲᠣᠬᠢᠶᠠᠯ ᠪᠣᠯᠭᠠᠵᠤ᠂ ᠰᠠᠭᠤᠭᠠᠯᠢ ᠠᠷᠠᠳ ᠲᠤ ᠤᠯᠠᠮᠵᠢᠯᠠᠯᠲᠤ ᠠᠷᠠᠳ ᠤᠨ ᠵᠠᠩ ᠦᠢᠯᠡ ᠶᠢᠨ ᠰᠣᠶᠣᠯ ᠤᠨ ᠷᠢᠳᠢ ᠰᠢᠳᠢ ᠶᠢ ᠭᠦᠨᠵᠡᠭᠡᠶ ᠣᠶᠢᠯᠠᠭᠠᠭᠤᠯᠵᠤ᠂ ᠨᠢᠭᠡ ᠯᠠᠰᠠ ᠰᠠᠷᠢᠮᠰᠠᠭ ᠨᠢ ᠰᠠᠭᠤᠭᠠᠯᠢ ᠠᠷᠠᠳ ᠤᠨ ᠬᠤᠭᠤᠷᠣᠨᠳᠣᠬᠢ ᠵᠠᠶ ᠶᠢ ᠣᠶᠢᠷᠠᠲᠤᠭᠤᠯᠤᠭᠰᠠᠨ ᠢᠶᠠᠷ ᠪᠠᠷᠠᠬᠤ ᠥᠬᠡᠶ ᠪᠠᠰᠠ ᠡᠪᠦᠯ ᠤᠨ ᠡᠳᠦᠷ ᠤᠨ ᠬᠠᠯᠠᠭᠤᠨ ᠰᠡᠳᠬᠢᠯᠭᠡ ᠶᠢ ᠬᠥᠭᠵᠢᠭᠡᠵᠦ᠂ ᠪᠠᠶᠠᠷ ᠤᠨ ᠡᠳᠦᠷ ᠤᠨ ᠠᠭᠤᠷ ᠠᠮᠢᠰᠬᠤᠯ ᠢ ᠨᠡᠮᠡᠭᠳᠡᠭᠦᠯᠦᠨ᠂ ᠬᠥᠷᠰᠢ ᠵᠡᠷᠭᠡᠯᠡᠳᠡᠭᠡ ᠶᠢᠨ ᠡᠶ᠎ᠡ ᠵᠣᠬᠢᠴᠠᠯ ᠢ ᠤᠯᠠᠮ ᠨᠢᠭᠡ ᠠᠯᠬᠤᠮ ᠠᠬᠢᠭᠤᠯᠤᠭᠰᠠᠨ ᠪᠠᠶᠢᠨ᠎ᠠ᠃          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号