ᠢᠦᠢ ᠴᠢᠤᠸᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠢᠦᠢ ᠴᠢᠤᠸᠠᠨ ᠲᠣᠭᠤᠷᠢᠭ ᠤᠨ ᠦᠵᠡᠮᠵᠢ ᠶᠢᠨ ᠣᠷᠣᠨ ᠤ ᠦᠢᠯᠡᠴᠢᠯᠡᠭᠡᠨ ᠤ ᠲᠥᠪ ᠤᠨ ᠬᠢᠨ ᠶᠡᠭᠡ ᠵᠤᠤ ᠰᠦᠮ᠎ᠡ ᠲᠠᠢ ᠬᠠᠮᠲᠤᠷᠠᠨ ︽ᠯᠠ ᠰᠠᠷ᠎ᠠ ᠶᠢᠨ ᠰᠢᠨ᠎ᠡ ᠶᠢᠨ ᠨᠠᠢᠮᠠᠨ ᠤ ᠰᠢᠩᠭᠡᠨ ᠪᠤᠳᠠᠭᠠᠨ ᠤ ᠦᠨᠦᠷ ᠬᠠᠩᠬᠤᠯᠵᠤ ᠲᠦᠭ ᠲᠦᠮᠡᠨ ᠡᠷᠦᠬᠡ ᠶᠢ ᠳᠤᠯᠠᠭᠠᠴᠠᠭᠤᠯᠤᠶ᠎ᠠ︾ ᠭᠡᠬᠦ ᠭᠤᠣᠯ ᠰᠡᠳᠦᠪᠲᠦ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/1/19
     1 ᠳ᠋ᠤᠭᠡᠷ ᠰᠠᠷ᠎ᠠ ᠶᠢᠨ 18 ᠤ ᠦᠳᠡ ᠶᠢᠨ ᠡᠮᠦᠨ᠎ᠡ᠂ ᠢᠦᠢ ᠴᠢᠤᠸᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠢᠦᠢ ᠴᠢᠤᠸᠠᠨ ᠲᠣᠭᠤᠷᠢᠭ ᠤᠨ ᠦᠵᠡᠮᠵᠢ ᠶᠢᠨ ᠣᠷᠣᠨ ᠤ ᠦᠢᠯᠡᠴᠢᠯᠡᠭᠡᠨ ᠤ ᠲᠥᠪ ᠤᠨ ᠬᠢᠨ ᠶᠡᠭᠡ ᠵᠤᠤ ᠰᠦᠮ᠎ᠡ ᠲᠠᠢ ᠬᠠᠮᠲᠤᠷᠠᠨ ᠪᠤᠭᠤᠮᠲᠠ ᠶᠢᠨ ᠬᠠᠭᠤᠴᠢᠨ ᠵᠡᠭᠡᠯᠢ ᠶᠢᠨ ᠰᠡᠯᠡᠭᠦᠴᠡᠯ ᠤᠨ ᠵᠡᠭᠡᠯᠢ ᠶᠢᠨ ᠲᠣᠭᠤᠷᠢᠭ ᠲᠤ ︽ᠯᠠ ᠰᠠᠷ᠎ᠠ ᠶᠢᠨ ᠰᠢᠨ᠎ᠡ ᠶᠢᠨ ᠨᠠᠢᠮᠠᠨ ᠤ ᠰᠢᠩᠭᠡᠨ ᠪᠤᠳᠠᠭᠠᠨ ᠤ ᠦᠨᠦᠷ ᠬᠠᠩᠬᠤᠯᠵᠤ ᠲᠦᠭ ᠲᠦᠮᠡᠨ ᠡᠷᠦᠬᠡ ᠶᠢ ᠳᠤᠯᠠᠭᠠᠴᠠᠭᠤᠯᠤᠶ᠎ᠠ︾ ᠭᠡᠬᠦ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠵᠦ᠂ ᠨᠠᠭᠠᠰᠢ ᠴᠠᠭᠠᠰᠢ ᠥᠩᠭᠡᠷᠡᠬᠦ ᠬᠥᠮᠦᠰ ᠪᠣᠯᠤᠨ ᠬᠠᠬᠢᠷ ᠡᠪᠦᠯ ᠤᠨ ᠤᠯᠠᠷᠢᠯ ᠳᠤ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠬᠥᠳᠡᠯᠮᠦᠷᠢᠴᠢᠳ ᠲᠤ ᠯᠠ ᠰᠠᠷ᠎ᠠ ᠶᠢᠨ ᠰᠢᠨ᠎ᠡ ᠶᠢᠨ ᠨᠠᠢᠮᠠᠨ ᠤ ᠰᠢᠩᠭᠡᠨ ᠪᠤᠳᠠᠭ᠎ᠠ ᠬᠦᠷᠭᠡᠵᠦ᠂ ᠬᠤᠲᠠ ᠶᠢᠨ ᠠᠷᠠᠳ ᠲᠤ ᠡᠪᠦᠯ ᠤᠨ ᠤᠯᠠᠷᠢᠯ ᠤᠨ ᠬᠠᠯᠠᠭᠤᠨ ᠠᠭᠤᠷ ᠠᠮᠢᠰᠬᠤᠯ ᠢ ᠡᠳ᠋ᠯᠡᠭᠦᠯᠪᠡ᠃
     ᠲᠤᠰ ᠤᠳᠠᠭ᠎ᠠ ᠶᠢᠨ ᠠᠵᠢᠯᠯᠠᠭ᠎ᠠ ᠨᠢ ᠣᠨᠴᠠᠭᠠᠶᠢᠯᠠᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠳᠠᠨ᠂ ᠵᠠᠮ ᠬᠠᠷᠢᠯᠴᠠᠭᠠᠨ ᠤ ᠴᠠᠭᠳᠠᠭ᠎ᠠ᠂ ᠬᠤᠳᠠ ᠶᠢᠨ ᠬᠠᠮᠢᠶᠠᠷᠤᠯᠲᠠ ᠶᠢᠨ ᠠᠩᠬᠢ ᠶᠢᠨ ᠭᠡᠰᠢᠭᠦᠨ᠂ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ᠂ ᠨᠡᠶᠢᠭᠡᠮ ᠲᠣᠭᠤᠷᠢᠭ ᠤᠨ ᠲᠤᠤᠷᠵᠢᠭᠰᠠᠨ ᠰᠦᠯᠵᠢᠶᠡᠨ ᠤ ᠬᠠᠮᠢᠶᠠᠷᠤᠯᠲᠠ ᠶᠢᠨ ᠠᠵᠢᠯᠳᠠᠨ ᠵᠡᠷᠭᠡ ᠬᠠᠬᠢᠷ ᠡᠪᠦᠯ ᠤᠨ ᠳᠤᠮᠳᠠ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠬᠥᠳᠡᠯᠮᠦᠷᠢᠴᠢᠳ ᠲᠤ ᠯᠠ ᠰᠠᠷ᠎ᠠ ᠶᠢᠨ ᠰᠢᠨ᠎ᠡ ᠶᠢᠨ ᠨᠠᠢᠮᠠᠨ ᠤ ᠰᠢᠩᠭᠡᠨ ᠪᠤᠳᠠᠭ᠎ᠠ ᠬᠦᠷᠭᠡᠵᠦ᠂ ᠲᠡᠳᠡᠨ ᠤ ᠠᠷᠢᠭᠤᠨ ᠴᠡᠪᠡᠷ᠂ ᠲᠠᠭᠠᠯᠠᠮᠵᠢᠲᠠᠢ᠂ ᠠᠮᠤᠷ ᠲᠦᠪᠰᠢᠨ᠂ ᠠᠷᠢᠭᠤᠨ ᠴᠡᠪᠡᠷ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ ᠰᠢᠷᠭᠠᠭᠤ ᠬᠠᠲᠠᠭᠤᠵᠢᠯᠲᠠᠢ ᠵᠢᠳᠬᠦᠭᠰᠡᠨ ᠳᠤ ᠲᠠᠯᠠᠷᠬᠠᠪᠠ᠃
     ᠨᠡᠩ ᠤᠯᠠᠨ ᠬᠤᠳᠠ ᠶᠢᠨ ᠠᠷᠠᠳ ᠲᠤ ᠠᠮᠲᠠᠯᠢᠭ ᠬᠠᠯᠠᠭᠤᠨ ᠯᠠ ᠰᠠᠷ᠎ᠠ ᠶᠢᠨ ᠰᠢᠨ᠎ᠡ ᠶᠢᠨ ᠨᠠᠢᠮᠠᠨ ᠤ ᠰᠢᠩᠭᠡᠨ ᠪᠤᠳᠠᠭ᠎ᠠ ᠢᠳᠡᠭᠦᠯᠬᠦ ᠶᠢᠨ ᠲᠥᠯᠥᠭᠡ᠂ ᠦᠦᠷ ᠴᠠᠶᠢᠬᠤ ᠠᠴᠠ ᠡᠮᠦᠨ᠎ᠡ ᠠᠵᠢᠯᠲᠠᠳ ᠡᠬᠢᠯᠡᠨ ᠴᠢᠨᠠᠵᠤ᠂ 1 ᠲᠦᠮᠡᠨ ᠬᠤᠪᠢ ᠬᠠᠯᠠᠭᠤᠨ ᠠᠭᠤᠷ ᠪᠠᠭᠠᠭᠢᠭᠰᠠᠨ ︽ᠯᠠ ᠰᠠᠷ᠎ᠠ ᠶᠢᠨ ᠰᠢᠨ᠎ᠡ ᠶᠢᠨ ᠨᠠᠢᠮᠠᠨ ᠤ ᠰᠢᠩᠭᠡᠨ ᠪᠤᠳᠠᠭ᠎ᠠ︾ ᠬᠢᠵᠦ᠂ ᠰᠢᠩᠭᠡᠨ ᠪᠤᠳᠠᠭ᠎ᠠ ᠶᠢ ᠠᠮᠲᠠᠲᠠᠶ ᠮᠥᠷᠲᠡᠭᠡᠨ ᠨᠢᠯᠴᠠᠭᠠᠶ ᠴᠢᠨᠠᠵᠤ᠂ ᠰᠢᠷᠭᠠᠭᠤ ᠴᠢᠷᠮᠠᠶᠢᠯᠭ᠎ᠠ ᠪᠠᠷ ᠢᠶᠠᠨ ᠬᠤᠳᠠ ᠶᠢᠨ ᠠᠷᠠᠳ ᠤᠨ ᠮᠠᠭᠲᠠᠭᠠᠯ ᠰᠠᠶᠢᠰᠢᠶᠠᠯ ᠢ ᠤᠯᠪᠠ᠃ ᠡᠭᠦᠨ ᠤ ᠵᠡᠷᠭᠡ ᠳᠤ᠂ ᠢᠦᠶ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠠᠵᠢᠯᠲᠠᠳ ᠰᠢᠩᠭᠡᠨ ᠪᠤᠳᠠᠭ᠎ᠠ ᠬᠢᠬᠦ ᠲᠦᠭᠦᠬᠡᠶ ᠮᠠᠲ᠋ᠧᠷᠢᠶᠠᠯ᠂ ᠪᠤᠳᠠᠭ᠎ᠠ᠂ ᠴᠢᠪᠠᠭ᠎ᠠ᠂ ᠪᠤᠷᠴᠠᠭ ᠤᠨ ᠪᠠᠶᠢᠳᠠᠯ ᠵᠢᠴᠢ ᠡᠳᠦᠷ ᠬᠤᠭᠤᠴᠠᠭ᠎ᠠ ᠪᠣᠯᠤᠨ ᠬᠦᠴᠦᠨ ᠲᠠᠢ ᠬᠤᠭᠤᠴᠠᠭ᠎ᠠ ᠳᠤ ᠤᠷᠢᠳᠴᠢᠯᠠᠨ ᠬᠢᠨᠠᠨ ᠪᠠᠶᠢᠴᠠᠭᠠᠯᠲᠠ ᠬᠢᠵᠦ᠂ ᠬᠤᠲᠠ ᠶᠢᠨ ᠠᠷᠠᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠭᠰᠠᠨ ᠪᠠᠶᠢᠨ᠎ᠠ᠃
     ︽ᠶᠠᠭ ᠡᠶᠢᠮᠦ ᠠᠮᠲᠠ ᠲᠠᠢ ᠶᠤᠮ᠂ ᠡᠨᠡ ᠠᠶᠠᠭ᠎ᠠ ᠯᠠ ᠰᠠᠷ᠎ᠠ ᠶᠢᠨ ᠰᠢᠨ᠎ᠡ ᠶᠢᠨ ᠨᠠᠢᠮᠠᠨ ᠤ ᠰᠢᠩᠭᠡᠨ ᠪᠤᠳᠠᠭ᠎ᠠ ᠶᠢ ᠢᠳᠡᠪᠡᠯ ᠰᠢᠨ᠎ᠡ ᠵᠢᠯ ᠤᠨ ᠠᠮᠲᠠ ᠲᠠᠢ ᠪᠣᠯᠴᠢᠬᠠᠨ᠎ᠠ︾ ᠭᠡᠵᠦ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠯᠢ ᠬᠤᠩ ᠮᠧᠶ ᠠᠵᠢᠯᠲᠠᠨ ᠤ ᠭᠠᠷ ᠠᠴᠠ ᠬᠦᠷᠭᠡᠵᠦ ᠢᠷᠡᠭᠰᠡᠨ ᠰᠢᠩᠭᠡᠨ ᠪᠤᠳᠠᠭ᠎ᠠ ᠶᠢ ᠲᠣᠰᠴᠤ ᠠᠪᠤᠭᠠᠳ ᠪᠠᠶᠠᠷ ᠪᠠᠶᠠᠰᠬᠤᠯᠠᠩ ᠲᠠᠢ ᠪᠠᠷ ᠬᠡᠯᠡᠪᠡ᠃ ᠲᠠᠯᠠᠪᠠᠶ ᠳᠤ ᠵᠣᠭᠰᠣᠨ᠂ ᠨᠢᠭᠡ ᠠᠶᠠᠭ᠎ᠠ ᠰᠢᠩᠭᠡᠨ ᠪᠤᠳᠠᠭ᠎ᠠ ᠢᠳᠡᠬᠦ ᠳᠤ᠂ ᠣᠯᠠᠨ ᠤ ᠴᠢᠷᠠᠶ ᠳᠤ ᠵᠣᠯ ᠵᠢᠷᠭᠠᠯ ᠤᠨ ᠢᠨᠢᠶᠡᠮᠰᠦᠭᠯᠡᠯ ᠪᠢᠯᠬᠠᠵᠤ ᠪᠠᠶᠢᠯ᠎ᠠ᠃
        ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号