ᠭᠠᠯ ᠤᠨᠲᠠᠷᠠᠭᠠᠬᠤ ᠤᠬᠠᠭᠤᠯᠭ᠎ᠠ ᠬᠥᠮᠦᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠭᠠᠯ | ᠤᠨᠲᠠᠷᠠᠭᠠᠬᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠦᠨ᠂ ᠡᠯ᠎ᠡ ᠨᠢᠭᠡᠴᠢ ᠶᠢᠨ ᠭᠠᠯ ᠤᠨᠲᠠᠷᠠᠭᠠᠬᠤ ᠶᠢ ᠠᠩᠬᠠᠷᠬᠤ᠂ ᠭᠠᠯ ᠤᠨᠲᠠᠷᠠᠭᠠᠬᠤ ᠶᠢ ᠰᠤᠷᠤᠯᠴᠠᠬᠤ᠂ | ᠭᠠᠯ ᠤᠨᠲᠠᠷᠠᠭᠠᠬᠤ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ | ᠲᠦᠷᠦᠭᠦᠬᠡᠨ᠂ ᠢᠦᠶ ᠴᠢᠤᠸᠠᠨ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠲᠥᠪ ᠲᠤ | ᠭᠠᠯ ᠤᠨᠲᠠᠷᠠᠭᠠᠬᠤ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠭᠠᠯ ᠤᠨᠲᠠᠷᠠᠭᠠᠬᠤ ᠠᠮᠤᠷ ᠲᠦᠪᠰᠢᠨ ᠤ | ᠮᠡᠳᠡᠯᠭᠡ ᠶᠢᠨ ᠠᠰᠠᠭᠤᠯᠲᠠ ᠬᠠᠷᠢᠭᠤᠯᠲᠠ ᠶᠢᠨ ᠠᠵᠢᠯᠯᠠᠭ᠎ᠠ ᠥᠷᠨᠢᠭᠦᠯᠪᠡ᠃ | | | | | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠭᠠᠯ ᠤᠨᠲᠠᠷᠠᠭᠠᠭᠴᠢ ᠭᠠᠯ ᠤᠨᠲᠠᠷᠠᠭᠠᠬᠤ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠬᠦ ᠪᠠᠷ ᠭᠠᠷᠳᠠᠨ ᠬᠢᠬᠦ ᠴᠡᠭ ᠪᠣᠯᠭᠠᠵᠤ᠂ ︽ᠪᠣᠳᠠᠲᠤ ᠪᠠᠶᠢᠳᠠᠯ ᠳᠤ ᠣᠶᠢᠷᠠᠳᠬᠤ᠂ ᠣᠯᠠᠨ | ᠲᠦᠮᠡᠨ ᠳᠤ ᠣᠶᠢᠷᠠᠳᠬᠤ᠂ ᠠᠮᠢᠳᠤᠷᠠᠯ ᠳᠤ ᠣᠶᠢᠷᠠᠳᠬᠤ︾ ᠪᠠᠷ ᠵᠠᠷᠴᠢᠮ ᠪᠣᠯᠭᠠᠵᠤ᠂ ᠤᠯᠠᠨ ᠲᠦᠮᠡᠨ ᠳᠤ ᠭᠠᠯ | ᠤᠨᠲᠠᠷᠠᠭᠠᠬᠤ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠭᠠᠯ ᠢ ᠰᠡᠷᠭᠡᠶᠢᠯᠡᠬᠦ ᠶᠡᠷᠦ ᠶᠢᠨ ᠮᠡᠳᠡᠯᠭᠡ ᠶᠢ | ᠤᠬᠠᠭᠤᠯᠬᠤ ᠶᠢᠨ ᠬᠠᠮᠲᠤ ᠤᠯᠠᠨ ᠲᠦᠮᠡᠨ ᠲᠠᠢ ᠨᠢᠭᠤᠷᠳᠡᠨ ᠰᠣᠯᠢᠯᠴᠠᠵᠤ᠂ ᠡᠳᠦᠷ ᠲᠤᠳᠤᠮ ᠤᠨ ᠠᠮᠢᠳᠤᠷᠠᠯ ᠳᠤ | ᠪᠠᠶᠢᠩᠭᠤ ᠲᠣᠬᠢᠶᠠᠯᠳᠤᠳᠠᠭ ᠭᠠᠯ ᠤᠨᠲᠠᠷᠠᠭᠠᠬᠤ ᠠᠶᠤᠯᠭᠦᠢ ᠶᠢᠨ ᠵᠦᠢᠯᠡᠰ ᠢ ᠬᠦᠯᠢᠴᠡᠩᠭᠦᠶ ᠪᠠᠷ ᠲᠠᠶᠢᠯᠪᠤᠷᠢᠯᠠᠨ᠂ | ᠤᠯᠠᠨ ᠲᠦᠮᠡᠨ ᠳᠤ ᠭᠠᠯ ᠤᠨ ᠠᠶᠤᠯ ᠢ ᠰᠡᠷᠭᠡᠶᠢᠯᠡᠬᠦ᠂ ᠭᠠᠯ ᠭᠠᠷᠤᠭᠰᠠᠨ ᠭᠠᠵᠠᠷ ᠠᠴᠠ ᠠᠮᠢ ᠵᠢᠭᠤᠲᠠᠵᠤ | ᠥᠪᠡᠷ ᠢ ᠪᠠᠨ ᠠᠪᠤᠷᠠᠬᠤ ᠵᠡᠷᠭᠡ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠰᠠᠶᠢᠲᠤᠷ ᠰᠤᠷᠤᠯᠴᠠᠵᠤ᠂ | ᠠᠮᠢᠳᠤᠷᠠᠯ ᠳᠤᠮᠳᠠ ᠭᠠᠯ ᠤᠨᠲᠠᠷᠠᠭᠠᠬᠤ ᠠᠮᠤᠷ ᠲᠦᠪᠰᠢᠨ ᠤ ᠰᠠᠶᠢᠨ ᠰᠠᠶᠢᠬᠠᠨ ᠳᠠᠳᠬᠠᠯ ᠲᠠᠢ ᠪᠤᠯᠵᠤ᠂ ᠭᠠᠯ ᠢ | ᠰᠡᠷᠭᠡᠶᠢᠯᠡᠬᠦ ᠦᠵᠡᠯ ᠤᠬᠠᠮᠰᠠᠷ ᠪᠣᠯᠤᠨ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ ᠭᠡᠵᠦ ᠰᠠᠨᠠᠭᠤᠯᠪᠠ᠃ | | | | | ᠭᠠᠯ ᠤᠨᠲᠠᠷᠠᠭᠠᠬᠤ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠭᠠᠯ ᠤᠨᠲᠠᠷᠠᠭᠠᠬᠤ ᠠᠮᠤᠷ ᠲᠦᠪᠰᠢᠨ ᠤ | ᠮᠡᠳᠡᠯᠭᠡ ᠶᠢᠨ ᠠᠰᠠᠭᠤᠯᠲᠠ ᠬᠠᠷᠢᠭᠤᠯᠲᠠ ᠶᠢᠨ ᠠᠵᠢᠯᠯᠠᠭ᠎ᠠ ᠶᠢᠨ ᠳᠠᠷᠠᠭ᠎ᠠ᠂ ᠢᠦᠶ ᠴᠢᠤᠸᠠᠨ ᠲᠣᠭᠤᠷᠢᠭ ᠤᠨ ᠰᠢᠨ᠎ᠡ | ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠢ ᠥᠷᠨᠢᠭᠦᠯᠵᠦ᠂ ᠪᠥᠬᠦ | ᠲᠤᠭᠤᠷᠢᠭ ᠤᠨ 120 ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠭᠠᠵᠠᠷ ︵ᠥᠷᠲᠡᠭᠡ︶ ᠤᠨ ᠬᠠᠮᠢᠶ᠎ᠠ | ᠪᠥᠬᠦᠶ ᠠᠵᠢᠯᠲᠠᠨ ᠪᠣᠯᠪᠠᠰᠤᠷᠠᠭᠤᠯᠤᠯ ᠳᠤ ᠣᠷᠣᠯᠴᠠᠪᠠ᠃ | | | | | ᠪᠣᠯᠪᠠᠰᠤᠷᠠᠯ ᠤᠨ ᠬᠤᠷᠠᠯ ᠳᠡᠭᠡᠷ᠎ᠡ᠂ ᠢᠦᠢ ᠴᠢᠤᠸᠠᠨ ᠲᠣᠭᠤᠷᠢᠭ ᠤᠨ 2023 ᠣᠨ ᠤ ᠰᠢᠨ᠎ᠡ ᠴᠠᠭ | ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠠᠵᠢᠯ ᠢ ᠳ᠋ᠦᠩᠨᠡᠵᠦ᠂ 2024 ᠣᠨ ᠤ ᠠᠵᠢᠯ ᠢ ᠲᠤᠬᠢᠷᠠᠭᠤᠯᠤᠨ | ᠪᠠᠶᠢᠷᠢᠯᠠᠭᠤᠯᠵᠠᠢ᠃ ᠡᠭᠦᠨ ᠤ ᠬᠠᠮᠲᠤ ᠪᠠᠶᠢᠭᠤᠯᠤᠮᠵᠢ ᠲᠣᠭᠲᠠᠴᠠ ᠶᠢᠨ ᠪᠠᠶᠢᠭᠤᠯᠤᠯᠲᠠ᠂ ᠵᠢᠭᠰᠠᠭᠠᠯ ᠤᠨ ᠭᠠᠵᠠᠷ ᠤᠨ | ᠪᠠᠶᠢᠭᠤᠯᠤᠯᠲᠠ᠂ ᠡᠩᠨᠡᠭᠡᠨ ᠤ ᠪᠠᠶᠢᠭᠤᠯᠤᠯᠲᠠ᠂ ᠲᠦᠷᠦᠯ ᠵᠦᠢᠯ ᠤᠨ ᠴᠣᠭᠴᠠᠯᠠᠯᠲᠠ᠂ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯᠯᠠᠭ᠎ᠠ ᠥᠷᠨᠢᠭᠦᠯᠬᠦ ᠵᠡᠷᠭᠡ ᠲᠠᠯ᠎ᠠ ᠶᠢᠨ ᠨᠡᠶᠢᠲᠡᠯᠢᠭ ᠠᠷᠭ᠎ᠠ ᠬᠢᠳᠡᠯ ᠪᠣᠯᠤᠨ ᠲᠡᠷᠢᠭᠦᠨ ᠤ | ᠲᠤᠷᠰᠢᠯᠭ᠎ᠠ ᠶᠢᠨ ᠲᠣᠭᠤᠷᠢᠨ ᠳᠤ ᠪᠣᠯᠪᠠᠰᠤᠷᠠᠯ ᠥᠷᠨᠢᠭᠦᠯᠬᠦ ᠶᠢᠨ ᠬᠠᠮᠲᠤ ᠤᠯᠠᠨ ᠲᠦᠮᠡᠨ ᠤ ᠬᠡᠷᠡᠭᠴᠡᠭᠡ ᠪᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠢᠯᠡ ᠲᠣᠳᠣ ᠣᠨᠴᠠᠯᠢᠭ ᠲᠠᠢ ᠪᠣᠯᠪᠠᠰᠤᠨ ᠦᠢᠯᠡᠳᠦᠯᠭᠡ ᠶᠢᠨ ᠰᠠᠶᠢᠨ | ᠳᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ ᠢ ᠤᠨᠢᠨ ᠳᠡᠭᠡᠷ᠎ᠡ ᠨᠢ ᠪᠤᠶᠢᠵᠢᠭᠤᠯᠤᠨ ᠬᠡᠷᠡᠭᠵᠢᠭᠦᠯᠵᠦ᠂ ᠰᠠᠶᠢᠨ | ᠳᠤᠷ᠎ᠠ ᠶᠢᠨ ᠦᠢᠯᠡᠴᠢᠯᠡᠭᠡᠨ ᠤ ᠬᠠᠨᠳᠤᠯᠭᠠᠲᠤ ᠴᠢᠨᠠᠷ᠂ ᠦᠷ᠎ᠡ ᠪᠦᠳᠦᠮᠵᠢᠳᠤ ᠴᠢᠨᠠᠷ ᠢ ᠳᠠᠰᠤᠷᠠᠯᠳᠠ ᠦᠭᠡᠢ | ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠤᠨᠤᠯ ᠤᠨ ᠰᠤᠷᠤᠯᠴᠠᠯᠭ᠎ᠠ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠠᠶᠤᠯᠭᠦᠢ | ᠦᠢᠯᠡᠳᠪᠦᠷᠢᠯᠡᠯ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠦᠨᠳᠦᠰᠦᠲᠡᠨ ᠤ ᠪᠦᠯᠬᠦᠮᠳᠡᠯ ᠵᠡᠷᠭᠡ ᠠᠵᠢᠯ ᠤᠨ | ᠲᠣᠭᠤᠷᠢᠨ ᠳᠤ᠂ ᠭᠤᠣᠯ ᠰᠡᠳᠦᠪᠲᠦ ᠴᠢᠨᠠᠷᠲᠠᠢ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ ᠢ | ᠢᠳᠡᠪᠬᠢᠲᠡᠢ ᠪᠤᠶᠢᠵᠢᠭᠤᠯᠤᠨ ᠥᠷᠨᠢᠭᠦᠯᠦᠨ᠎ᠡ᠃ | ᠪᠣᠯᠪᠠᠰᠤᠷᠠᠯ ᠤᠨ ᠬᠤᠷᠠᠯ ᠤᠨ ᠲᠠᠷᠠᠭ᠎ᠠ᠂ ᠤᠯᠠᠨ ᠢᠶᠠᠷ ᠢᠶᠠᠨ ᠣᠯᠤᠯᠲᠠ ᠲᠦᠷᠦᠭᠳᠡᠯ ᠢᠶᠠᠨ ᠰᠣᠯᠢᠯᠴᠠᠵᠤ᠂ | ᠲᠤᠷᠰᠢᠯᠭ᠎ᠠ ᠰᠤᠷᠤᠯᠴᠠᠬᠤ᠂ ᠠᠷᠭ᠎ᠠ ᠬᠢᠳᠡᠯ ᠢ ᠰᠤᠷᠤᠯᠴᠠᠬᠤ ᠳᠤᠮᠳᠠ ᠰᠣᠯᠢᠯᠴᠠᠭ᠎ᠠ ᠪᠠᠨ ᠠᠬᠢᠭᠤᠯᠵᠤ᠂ ᠯᠠᠪᠯᠠᠯᠲᠠ | ᠪᠣᠯᠭᠠᠨ ᠳᠡᠭᠡᠭᠰᠢᠯᠡᠭᠦᠯᠵᠡᠢ᠃ ︽ᠪᠣᠯᠪᠠᠰᠤᠷᠠᠯ ᠢ ᠰᠣᠨᠣᠰᠤᠭᠠᠳ ᠶᠡᠭᠡ ᠣᠯᠤᠯᠲᠠ ᠲᠠᠢ ᠪᠣᠯᠵᠠᠢ᠂ ᠪᠢ | ᠰᠤᠷᠤᠯᠴᠠᠯᠭ᠎ᠠ ᠶᠢᠨ ᠤᠯᠤᠯᠲᠠ ᠪᠠᠨ ᠠᠵᠢᠯ ᠤᠨ ᠳᠤᠮᠳᠠ ᠬᠡᠷᠡᠭᠯᠡᠵᠦ᠂ ᠰᠢᠨ᠎ᠡ ᠴᠠᠭ ᠦᠶ᠎ᠡ ᠶᠢᠨ ᠪᠣᠯᠪᠠᠰᠤᠨ | ᠦᠢᠯᠡᠳᠦᠯᠭᠡ ᠶᠢᠨ ᠠᠵᠢᠯ ᠢ ᠰᠡᠳᠬᠢᠯ ᠲᠠᠯᠪᠢᠨ ᠰᠠᠶᠢᠲᠤᠷ ᠥᠷᠨᠢᠭᠦᠯᠦᠨ᠎ᠡ︾ ᠭᠡᠵᠦ ᠪᠠᠷᠠᠭᠤᠨ ᠨᠤᠭᠤᠭ᠎ᠠ ᠶᠢᠨ | ᠬᠠᠰᠢᠶ᠎ᠠ ᠵᠡᠭᠡᠯᠢ ᠭᠤᠳᠤᠮᠵᠢ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠭᠠᠵᠠᠷ ᠤᠨ ᠠᠵᠢᠯᠲᠠᠨ | ᠷᠧᠨ ᠬᠤᠢ ᠴᠢᠩ ᠬᠡᠯᠡᠪᠡ᠃ | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ | |