2023 ᠣᠨ ᠤ 12 ᠳ᠋ᠤᠭᠠᠷ ᠰᠠᠷ᠎ᠠ ᠶᠢᠨ 31 ᠤ ᠣᠷᠣᠢ᠂ ᠥᠪᠥᠷ ᠮᠣᠩᠭᠤᠯ ᠤᠨ ᠰᠣᠶᠣᠯ ᠪᠠ | ᠵᠢᠭᠤᠯᠴᠢᠯᠠᠯ ᠤᠨ ᠲᠢᠩᠬᠢᠮ ᠤᠨ ᠨᠡᠶᠢᠲᠡᠯᠡᠭᠰᠡᠨ ᠮᠡᠳᠡᠭᠡ ᠠᠴᠠ ᠦᠵᠡᠪᠡᠯ᠂ ᠰᠢᠨ᠎ᠡ ᠵᠢᠯ ᠤᠨ ᠠᠮᠠᠷᠠᠯᠲᠠ ᠶᠢᠨ ᠡᠮᠦᠨ᠎ᠡ | ᠬᠤᠶᠠᠷ ᠡᠳᠦᠷ ᠲᠤ ᠥᠪᠥᠷ ᠮᠣᠩᠭᠤᠯ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠢ ᠨᠡᠶᠢᠲᠡ 451.35 | ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠣᠷᠣᠯᠭ᠎ᠠ ᠶᠢ | 28.31 ᠳ᠋ᠦᠩᠰᠢᠭᠤᠷ ᠲᠥᠭᠦᠷᠢᠭ ᠪᠡᠶᠡᠯᠡᠭᠦᠯᠵᠡᠢ᠃ | ᠰᠢᠨ᠎ᠡ ᠵᠢᠯ ᠤᠨ ᠠᠮᠠᠷᠠᠯᠲᠠ ᠶᠢᠨ ᠨᠢᠭᠡᠳᠦᠭᠡᠷ ᠡᠳᠦᠷ ᠲᠤ᠂ ᠪᠥᠬᠦ ᠣᠷᠣᠨ ᠤ ᠤᠯᠤᠰ ᠤᠨ ᠳᠣᠲᠣᠭᠠᠳᠤ ᠶᠢᠨ | ᠵᠢᠭᠤᠯᠴᠢᠯᠠᠭᠴᠢᠳ ᠢ 214.90 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠨᠢᠳᠤᠨᠤᠨ ᠤ ᠠᠳᠠᠯᠢ | ᠬᠤᠭᠤᠴᠠᠭᠠᠨ ᠤ 2.6 ᠳᠠᠬᠢᠨ ᠪᠣᠯᠵᠠᠢ︔ ᠵᠢᠭᠤᠯᠴᠢᠯᠠᠯ ᠤᠨ ᠣᠷᠣᠯᠭ᠎ᠠ ᠶᠢ 13.31 ᠳ᠋ᠦᠩᠰᠢᠭᠤᠷ ᠲᠥᠭᠦᠷᠢᠭ | ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ 3.3 ᠳᠠᠬᠢᠨ ᠪᠣᠯᠵᠠᠢ᠃ ᠠᠮᠠᠷᠠᠯᠲᠠ ᠶᠢᠨ ᠬᠤᠶᠠᠳᠤᠭᠠᠷ | ᠡᠳᠦᠷ ᠲᠤ᠂ ᠪᠦᠬᠦ ᠣᠷᠣᠨ ᠤ ᠬᠦᠯᠢᠶᠡᠨ ᠠᠪᠤᠭᠰᠠᠨ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠤᠨ | ᠲᠤᠭ᠎ᠠ 236.45 ᠲᠦᠮᠡᠨ ᠬᠥᠮᠥᠨ ᠤᠳᠠᠭ᠎ᠠ ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ 4.1 | ᠳᠠᠬᠢᠨ ᠪᠣᠯᠵᠠᠢ︔ ᠵᠢᠭᠤᠯᠴᠢᠯᠠᠯ ᠤᠨ ᠣᠷᠣᠯᠭ᠎ᠠ ᠶᠢ 15 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠨᠢᠳᠤᠨᠤᠨ ᠤ | ᠠᠳᠠᠯᠢ ᠬᠤᠭᠤᠴᠠᠭᠠᠨ ᠤ 5.3 ᠳᠠᠬᠢᠨ ᠪᠣᠯᠵᠠᠢ᠃ |