ᠲᠣᠮᠣ ᠳ᠋ᠠᠶᠢᠲ᠋ᠠ ᠪᠠᠷ ᠬᠠᠤᠯᠢᠵᠢᠯ ᠤᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠳᠤ ᠬᠦᠴᠦᠨ ᠣᠯᠭᠤᠨ᠎ᠠ
ᠨᠡᠶᠢᠲᠡᠯᠡᠭᠰᠡᠨ ᠴᠠᠭ᠄
2024/1/23
     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠬᠠᠤᠯᠢᠵᠢᠯ ᠤᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ︵2020 - 2025 ᠣᠨ︶﹀ ᠶᠢ ᠲᠤᠭᠤᠰᠢᠯᠠᠭᠤᠯᠬᠤ ᠬᠡᠷᠡᠭᠵᠢᠭᠦᠯᠬᠦ ᠲᠥᠰᠥᠯ︾ ᠳᠤ ᠲᠣᠮᠣ ᠳ᠋ᠠᠶᠢᠲ᠋ᠠ᠂ ᠡᠭᠦᠯᠡᠨ ᠪᠣᠳᠣᠯᠲᠠ᠂ ᠵᠣᠬᠢᠶᠠᠮᠠᠯ ᠤᠶᠤᠨ ᠴᠢᠳᠠᠪᠤᠷᠢ ᠵᠡᠷᠭᠡ ᠤᠳᠤ ᠦᠶ᠎ᠡ ᠶᠢᠨ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠠᠰᠢᠭᠯᠠᠵᠤ᠂ ︽ᠣᠶᠤᠨᠲᠤ ᠰᠢᠭᠦᠬᠦ ᠬᠤᠷᠢᠶ᠎ᠠ︾᠂ ︽ᠣᠶᠤᠨᠲᠤ ᠪᠠᠶᠢᠴᠠᠭᠠᠬᠤ ᠠᠵᠢᠯ︾᠂ ︽ᠣᠶᠤᠨᠲᠤ ᠳᠣᠲᠣᠭᠠᠳᠤ ᠶᠢ ᠬᠠᠮᠠᠭᠠᠯᠠᠬᠤ ᠠᠵᠢᠯ︾᠂ ︽ᠣᠶᠤᠨᠲᠤ ᠬᠠᠤᠯᠢ ᠴᠠᠭᠠᠵᠠ︾ ᠶᠢᠨ ᠪᠠᠶᠢᠭᠤᠯᠤᠯᠲᠠ ᠶᠢ ᠠᠭᠢᠭᠤᠯᠤᠨ᠎ᠠ᠃ ᠰᠠᠯᠠᠭ᠎ᠠ ᠮᠥᠴᠢᠷ ᠠᠯᠤᠰᠯᠠᠭᠰᠠᠨ ᠲᠣᠮᠣ ᠳ᠋ᠠᠶᠢᠲ᠋ᠠ ᠶᠢᠨ ᠬᠡᠷᠡᠭ ᠰᠢᠢᠳᠪᠦᠷᠢᠯᠡᠬᠦ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ ᠮᠡᠳᠡᠭᠡ ᠵᠠᠩᠭᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠲᠤᠭ᠎ᠠ ᠪᠠᠷᠢᠮᠲᠠ ᠶᠢ ᠠᠦ᠋ᠲ᠋ᠣ᠋ ᠬᠦᠷᠭᠡᠬᠦ᠂ ᠡᠬᠢ ᠪᠠᠶᠠᠯᠢᠭ ᠢ ᠬᠠᠮᠲᠤ ᠪᠠᠷ ᠬᠦᠷᠲᠡᠵᠦ ᠬᠠᠮᠲᠤ ᠪᠠᠷ ᠬᠡᠷᠡᠭᠯᠡᠬᠦ ᠶᠢ ᠪᠡᠶᠡᠯᠡᠭᠦᠯᠦᠨ᠎ᠡ ᠭᠡᠵᠦ ᠳᠤᠷᠠᠳᠪᠠ᠃      ᠣᠶᠢᠷ᠎ᠠ ᠶᠢᠨ ᠵᠢᠯ ᠳᠤ ᠮᠠᠨ ᠤ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠡᠯ᠎ᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠳᠠᠭᠠᠨ ᠰᠠᠭᠤᠷᠢᠯᠠᠵᠤ᠂ ᠤᠯᠤᠰ ᠲᠦᠷᠦ ᠬᠠᠤᠯᠢ ᠴᠠᠭᠠᠵᠠ ᠶᠢᠨ ᠲᠣᠮᠣ ᠳ᠋ᠠᠶᠢᠲ᠋ᠠ ᠪᠠᠷ ᠬᠦᠴᠦᠨ ᠣᠯᠭᠤᠵᠤ᠂ ᠤᠯᠤᠰ ᠲᠦᠷᠦ ᠬᠠᠤᠯᠢ ᠴᠠᠭᠠᠵᠠ ᠶᠢᠨ ᠲᠣᠭᠠᠴᠢᠯᠠᠭᠰᠠᠨ ᠬᠠᠮᠵᠢᠯᠴᠠᠨ ᠬᠥᠭᠵᠢᠬᠦ ᠶᠢ ᠭᠦᠨᠵᠡᠭᠡᠶᠢᠷᠡᠭᠦᠯᠵᠦ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠮᠡᠳᠡᠭᠡ ᠵᠠᠩᠭᠢᠵᠢᠯᠲᠠ ᠶᠢᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠨᠦᠭᠦᠳ ᠢ ᠬᠡᠷᠡᠭᠵᠢᠭᠦᠯᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠬᠦᠴᠦᠲᠡᠢ ᠲᠤᠯᠭᠠᠭᠤᠷᠢᠯᠠᠯ ᠬᠠᠩᠭᠠᠪᠠ᠃      ᠤᠯᠤᠰ ᠲᠥᠷᠥ ᠬᠠᠤᠯᠢ ᠴᠠᠭᠠᠵᠠ ᠶᠢᠨ ᠲᠣᠮᠣ ᠳ᠋ᠠᠶᠢᠲ᠋ᠠ ᠶᠢᠨ ᠣᠶᠤᠨᠴᠢᠯᠠᠭᠰᠠᠨ ᠬᠡᠷᠡᠭᠯᠡᠭᠡᠨ ᠤ ᠲᠠᠪᠴᠠᠩ ᠲᠣᠭᠠᠴᠢᠯᠠᠭᠰᠠᠨ ᠬᠠᠮᠵᠢᠯᠴᠠᠨ ᠬᠥᠭᠵᠢᠬᠦ ᠶᠢ ᠭᠦᠨᠵᠡᠭᠡᠶᠢᠷᠡᠭᠦᠯᠪᠡ      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠡᠳᠦᠷ ᠲᠤᠲᠤᠮ ᠤᠨ ᠪᠠᠶᠢᠴᠠᠭᠠᠨ ᠰᠤᠳᠤᠯᠤᠯᠲᠠ ᠬᠢᠬᠦ ᠪᠠᠷ ᠳᠡᠮᠵᠢᠨ᠂ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠰᠠᠯᠠᠭ᠎ᠠ ᠮᠥᠴᠢᠷ ᠤᠨ ᠬᠤᠭᠤᠷᠣᠨᠳᠣᠭᠢ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠬᠢᠷᠢ ᠲᠦᠪᠰᠢᠨ ᠨᠡᠯᠢᠶᠡᠳ ᠳᠣᠣᠷ᠎ᠠ᠂ ᠬᠠᠤᠯᠢ ᠬᠡᠷᠡᠭᠵᠢᠭᠦᠯᠬᠦ ᠬᠠᠤᠯᠢ ᠶᠠᠪᠤᠭᠤᠯᠬᠤ ᠠᠵᠢᠯ ᠤᠨ ᠬᠠᠮᠵᠢᠯᠴᠠᠭ᠎ᠠ ᠬᠦᠷᠦᠯᠴᠡᠬᠦ ᠦᠭᠡᠢ ᠵᠡᠷᠭᠡ ᠲᠠᠯ᠎ᠠ ᠪᠠᠷ ᠠᠰᠠᠭᠤᠳᠠᠯ ᠣᠷᠣᠰᠢᠵᠤ᠂ ᠬᠠᠤᠯᠢ ᠶᠠᠪᠤᠭᠤᠯᠬᠤ ᠦᠷ᠎ᠡ ᠪᠦᠲᠦᠮᠵᠢ ᠪᠠ ᠬᠠᠤᠯᠢ ᠶᠠᠪᠤᠭᠤᠯᠬᠤ ᠬᠢᠨᠠᠯᠲᠠ ᠲᠠᠯᠪᠢᠬᠤ ᠦᠷ᠎ᠡ ᠪᠦᠲᠦᠮᠵᠢ ᠶᠢ ᠨᠥᠯᠥᠭᠡᠯᠡᠵᠦ ᠪᠠᠶᠢᠬᠤ ᠶᠢ ᠣᠯᠵᠤ ᠮᠠᠲᠠᠵᠠᠢ᠃      ᠡᠳᠡᠭᠡᠷ ᠠᠰᠠᠭᠤᠳᠠᠯ ᠳᠤ ᠬᠠᠨᠳᠤᠭᠤᠯᠤᠨ᠂ 2022 ᠣᠨ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠤᠯᠤᠰ ᠲᠥᠷᠥ ᠬᠠᠤᠯᠢ ᠴᠠᠭᠠᠵᠠ ᠶᠢᠨ ᠲᠣᠮᠣ ᠳ᠋ᠠᠶᠢᠲ᠋ᠠ ᠶᠢᠨ ᠣᠶᠤᠨᠴᠢᠯᠠᠭᠰᠠᠨ ᠬᠡᠷᠡᠭᠯᠡᠭᠡᠨ ᠤ ᠲᠠᠪᠴᠠᠩ ᠢ ᠲᠦᠷᠦᠭᠦᠯᠡᠨ ᠪᠠᠶᠢᠭᠤᠯᠪᠠ᠃ ᠲᠣᠰ ᠲᠠᠪᠴᠠᠩ ᠨᠢ ᠤᠯᠤᠰ ᠲᠥᠷᠥ ᠬᠠᠤᠯᠢ ᠴᠠᠭᠠᠵᠠ ᠶᠢᠨ ᠰᠦᠯᠵᠢᠶ᠎ᠡ ᠳᠤ ᠲᠦᠰᠢᠭᠯᠡᠨ ᠪᠦᠭᠦ ᠣᠷᠣᠨ ᠤ ᠨᠢᠭᠡᠳᠦᠯᠲᠡᠢ ᠤᠯᠤᠰ ᠲᠥᠷᠥ ᠬᠠᠤᠯᠢ ᠴᠠᠭᠠᠵᠠ ᠶᠢᠨ ᠲᠣᠮᠣ ᠳ᠋ᠠᠶᠢᠲ᠋ᠠ ᠶᠢᠨ ᠣᠶᠤᠨᠴᠢᠯᠠᠭᠰᠠᠨ ᠬᠡᠷᠡᠭᠯᠡᠭᠡᠨ ᠤ ᠲᠠᠪᠴᠠᠩ ᠢ ᠪᠠᠶᠢᠭᠤᠯᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠬᠠᠤᠯᠢ ᠴᠠᠭᠠᠵᠠ ᠶᠢᠨ ᠲᠢᠩᠬᠢᠮ᠂ ᠭᠢᠨᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠬᠤᠣᠷ ᠲᠠᠲᠠᠬᠤ ᠶᠢ ᠵᠣᠭᠰᠤᠭᠠᠬᠤ ᠬᠠᠮᠢᠶᠠᠷᠤᠯᠲᠠ ᠶᠢᠨ ᠲᠣᠪᠴᠢᠶ᠎ᠠ ᠳᠤ ᠬᠤᠪᠢᠶᠠᠷᠢ ᠲᠠᠪᠴᠠᠩ ᠢ ᠪᠠᠶᠢᠭᠤᠯᠵᠤ᠂ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠨᠢᠭᠡᠴᠢ ᠶᠢᠨ ᠤᠤᠯ ᠤᠨ ᠪᠠᠶᠢᠭᠰᠠᠨ ᠰᠢᠰᠲ᠋ᠧᠮ ᠢ ᠬᠤᠪᠢᠷᠠᠭᠤᠯᠬᠤ ᠦᠭᠡᠢ ᠰᠠᠭᠤᠷᠢᠨ ᠳᠡᠭᠡᠷ᠎ᠡ᠂ ᠰᠠᠯᠠᠭ᠎ᠠ ᠮᠥᠴᠢᠷ ᠠᠯᠤᠰᠯᠠᠭᠰᠠᠨ ᠲᠤᠭ᠎ᠠ ᠪᠠᠷᠢᠮᠲᠠ᠂ ᠬᠠᠮᠵᠢᠯᠴᠠᠭᠰᠠᠨ ᠦᠷ᠎ᠡ ᠳ᠋ᠦᠩ ᠢ ᠴᠤᠭᠯᠠᠭᠤᠯᠬᠤ ᠪᠠᠷ ᠳᠠᠮᠵᠢᠭᠤᠯᠤᠨ᠂ ᠡᠯᠧᠺᠲᠷᠤᠨ ᠡᠪᠬᠡᠮᠡᠯ᠂ ᠬᠠᠤᠯᠢ ᠴᠠᠭᠠᠵᠠ ᠶᠢᠨ ᠪᠢᠴᠢᠭ ᠬᠠᠷ᠎ᠠ᠂ ᠬᠡᠷᠡᠭ ᠲᠤ ᠬᠤᠯᠪᠣᠭᠳᠠᠭᠰᠠᠨ ᠵᠣᠭᠤᠰ ᠮᠥᠩᠭᠦ ᠡᠳ᠋ ᠪᠣᠳᠠᠰ ᠵᠡᠷᠭᠡ ᠬᠡᠷᠡᠭ ᠰᠢᠢᠳᠪᠦᠷᠢᠯᠡᠬᠦ ᠮᠡᠳᠡᠭᠡ ᠵᠠᠩᠭᠢ ᠶᠢ ᠴᠠᠭ ᠲᠤᠬᠠᠢ ᠳᠤᠨᠢ᠂ ᠳᠠᠷᠤᠢ ᠲᠦᠷᠭᠡᠨ᠂ ᠪᠦᠭᠦ ᠶᠠᠪᠤᠴᠠ ᠪᠠᠷ ᠰᠦᠯᠵᠢᠶᠡᠨ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠦᠭᠰᠡᠨ ᠪᠠᠶᠢᠨ᠎ᠠ᠃      ᠣᠳᠣᠬᠠᠨ ᠳᠤ᠂ ᠬᠡᠷᠡᠭ ᠰᠢᠢᠳᠪᠦᠷᠢᠯᠡᠬᠦ ᠳᠤ ᠰᠦᠯᠵᠢᠶᠡᠨ ᠳᠡᠭᠡᠷ᠎ᠡ ᠬᠠᠮᠵᠢᠯᠴᠠᠬᠤ᠂ ᠣᠶᠤᠨᠴᠢ ᠬᠠᠪᠰᠤᠷᠤᠮᠵᠢ ᠦᠵᠡᠭᠦᠯᠭᠦ᠂ ᠳ᠋ᠠᠶᠢᠲ᠋ᠠ ᠶᠢᠨ ᠡᠬᠢ ᠪᠠᠶᠠᠯᠢᠭ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠪᠦᠭᠦ ᠶᠠᠪᠤᠴᠠ ᠶᠢ ᠪᠠᠶᠢᠴᠠᠭᠠᠵᠤ ᠪᠤᠯᠬᠤ ᠵᠡᠷᠭᠡ ᠲᠠᠪᠴᠠᠩ ᠤᠨ ᠳᠥᠷᠪᠡᠨ ᠶᠡᠭᠡ ᠭᠤᠣᠯ ᠴᠢᠳᠠᠮᠵᠢ ᠶᠢ ᠪᠣᠳᠠᠲᠤ ᠠᠵᠢᠯ ᠤᠨ ᠳᠤᠮᠳᠠ ᠨᠢᠭᠡᠨᠲᠡ ᠭᠦᠢᠴᠡᠳ ᠠᠰᠢᠭᠯᠠᠪᠠ᠃      ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠠᠵᠤ ᠠᠬᠤᠢ ᠶᠢᠨ ᠳᠡᠩᠨᠡᠨ ᠪᠠᠶᠢᠴᠠᠭᠠᠬᠤ ᠶᠡᠷᠦᠩᠬᠡᠢ ᠠᠩᠭᠢ ᠶᠢᠨ ᠨᠢᠭᠤᠴᠠ ᠮᠡᠳᠡᠭᠡᠨ ᠤ ᠮᠡᠷᠭᠡᠵᠢᠯ ᠤᠨ ᠰᠠᠯᠪᠤᠷᠢ ᠠᠩᠭᠢ ᠶᠢᠨ ᠳᠠᠷᠤᠭ᠎ᠠ ᠬᠤᠸᠠᠩ ᠱᠢ ᠴᠢᠶᠠᠩ᠄ ︽ᠨᠢᠳᠤᠨᠤᠨ ᠤ 6 ᠰᠠᠷ᠎ᠠ ᠶᠢᠨ 28 ᠤ ᠡᠳᠦᠷ᠂ ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠵᠤ ᠠᠬᠤᠢ ᠶᠢᠨ ᠳᠡᠩᠨᠡᠨ ᠪᠠᠶᠢᠴᠠᠭᠠᠬᠤ ᠰᠠᠯᠪᠤᠷᠢ ᠠᠩᠭᠢ ᠨᠢᠭᠡᠨ ᠳᠠᠮᠵᠢᠭᠤᠯᠤᠨ ᠪᠣᠷᠣᠯᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠤᠳᠤᠷᠢᠳᠤᠭᠰᠠᠨ ᠣᠨᠴᠠ ᠶᠡᠭᠡ ᠬᠡᠷᠡᠭ ᠢ ᠢᠯᠡᠷᠡᠭᠦᠯᠪᠡ᠃ ᠥᠩᠭᠡᠷᠡᠭᠰᠡᠨ ᠳᠤ ᠰᠦᠯᠵᠢᠶᠡᠨ ᠭᠠᠳᠠᠨ᠎ᠠ ᠬᠡᠷᠡᠭ ᠰᠢᠢᠳᠪᠦᠷᠢᠯᠡᠬᠦ ᠳᠤ᠂ ᠲᠠᠩᠰᠠ ᠡᠪᠬᠡᠮᠡᠯ ᠢ ᠡᠮᠬᠢᠯᠡᠵᠦ ᠬᠢᠨᠠᠨ ᠬᠠᠷᠭᠤᠭᠤᠯᠬᠤ ᠪᠠ ᠰᠢᠯᠵᠢᠭᠦᠯᠦᠨ ᠬᠦᠷᠭᠡᠬᠦ ᠨᠢ ᠬᠡᠷᠡᠭ ᠰᠢᠢᠳᠪᠦᠷᠢᠯᠡᠬᠦ ᠠᠷᠠᠳ ᠤᠨ ᠴᠠᠭᠳᠠᠭ᠎ᠠ ᠶᠢᠨ ᠶᠡᠭᠡ ᠬᠡᠮᠵᠢᠶᠡᠨ ᠤ ᠴᠠᠭ ᠢ ᠵᠠᠷᠤᠴᠠᠭᠤᠯᠵᠤ ᠪᠠᠶᠢᠵᠠᠢ᠃ ᠣᠲᠣ ᠤᠯᠤᠰ ᠲᠥᠷᠥ ᠬᠠᠤᠯᠢ ᠴᠠᠭᠠᠵᠠ ᠶᠢᠨ ᠲᠣᠮᠣ ᠳ᠋ᠠᠶᠢᠲ᠋ᠠ ᠶᠢᠨ ᠣᠶᠤᠨᠴᠢᠯᠠᠭᠰᠠᠨ ᠬᠡᠷᠡᠭᠯᠡᠭᠡᠨ ᠤ ᠲᠠᠪᠴᠠᠩ ᠢᠶᠠᠷ ᠳᠠᠮᠵᠢᠭᠤᠯᠤᠨ᠂ 15 ᠮᠢᠨᠦ᠋ᠲ ᠪᠣᠯᠤᠭᠰᠠᠨ ᠦᠭᠡᠢ ᠪᠠᠷ 30 ᠳᠡᠪᠲᠡᠷ ᠡᠪᠬᠡᠮᠡᠯ᠂ 4000 ᠭᠠᠷᠤᠢ ᠨᠢᠭᠤᠷ ᠲᠠᠩᠰᠠ ᠡᠪᠬᠡᠮᠡᠯ ᠤᠨ ᠮᠠᠲ᠋ᠧᠷᠢᠶᠠᠯ ᠢ ᠬᠢᠨᠠᠬᠤ ᠶᠢᠨ ᠬᠠᠮᠲᠤ ᠪᠠᠶᠢᠴᠠᠭᠠᠬᠤ ᠬᠤᠷᠢᠶ᠎ᠠ ᠳᠤ ᠬᠦᠷᠭᠡᠪᠡ︾ ᠭᠡᠵᠦ ᠲᠠᠨᠢᠯᠴᠠᠭᠤᠯᠤᠨ᠎ᠠ᠃      ᠪᠦᠬᠦᠯᠢ ᠴᠣᠭᠴᠠ ᠶᠢᠨ ᠣᠶᠤᠨᠴᠢᠯᠠᠯᠲᠠ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠮᠡᠳᠡᠭᠡ ᠵᠠᠩᠭᠢᠵᠢᠯᠲᠠ ᠶᠢ ᠠᠬᠢᠭᠤᠯᠪᠠ      ᠥᠪᠥᠷ ᠮᠣᠩᠭᠤᠯ ᠤᠨ ᠤᠯᠤᠰ ᠲᠦᠷᠦ ᠬᠠᠤᠯᠢ ᠴᠠᠭᠠᠵᠠ ᠶᠢᠨ ᠣᠶᠤᠨᠴᠢᠯᠠᠯᠲᠠ ᠶᠢᠨ ᠪᠠᠶᠢᠭᠤᠯᠤᠯᠲᠠ ᠪᠦᠭᠦ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠡᠯ᠎ᠡ ᠨᠢᠭᠡᠴᠢ ᠡᠯ᠎ᠡ ᠲᠠᠯ᠎ᠠ ᠡᠯ᠎ᠡ ᠭᠤᠭᠴᠤᠭ᠎ᠠ ᠳᠤ ᠭᠦᠨᠵᠡᠭᠡᠶᠢᠷᠡᠬᠦ ᠶᠢ ᠳᠠᠭᠠᠯᠳᠤᠨ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠮᠡᠳᠡᠭᠡ ᠵᠠᠩᠭᠢᠵᠢᠯᠲᠠ ᠪᠦᠬᠦᠯᠢ ᠴᠣᠭᠴᠠ ᠶᠢᠨ ᠠᠬᠢᠯᠲᠠ ᠲᠠᠢ ᠪᠣᠯᠪᠠ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠣᠶᠤᠨᠴᠢ ᠰᠢᠭᠦᠬᠦ ᠬᠤᠷᠢᠶ᠎ᠠ ᠶᠢᠨ ᠪᠠᠶᠢᠭᠤᠯᠤᠯᠲᠠ ᠪᠠ ᠬᠡᠷᠡᠭᠯᠡᠭᠡᠨ ᠤ ᠠᠵᠢᠯ ᠢ ᠦᠷᠭᠦᠯᠵᠢᠯᠡᠨ ᠲᠦᠷᠭᠡᠳᠬᠡᠨ ᠠᠬᠢᠭᠤᠯᠪᠠ᠃ ᠪᠦᠭᠦ ᠣᠷᠣᠨ ᠤ ᠰᠢᠭᠦᠬᠦ ᠬᠤᠷᠢᠶ᠎ᠠ ︽ᠠᠷᠠᠳ ᠤᠨ ᠰᠢᠭᠦᠬᠦ ᠬᠤᠷᠢᠶ᠎ᠠ ᠶᠢᠨ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠲᠠᠪᠴᠠᠩ︾ ᠢ ᠪᠠᠶᠢᠭᠤᠯᠵᠤ᠂ ᠲᠤᠰ ᠲᠠᠪᠴᠠᠩ ᠢᠶᠠᠷ ᠡᠶᠡᠳᠡᠭᠦᠯᠬᠦ᠂ ᠳᠠᠩᠰᠠᠯᠠᠭᠤᠯᠬᠤ᠂ ᠬᠦᠷᠭᠡᠬᠦ᠂ ᠬᠠᠮᠠᠭᠠᠯᠠᠨ ᠬᠠᠳᠠᠭᠠᠯᠠᠬᠤ᠂ ᠨᠠᠶᠢᠳᠠᠨ ᠰᠢᠯᠭᠠᠨ ᠲᠣᠭᠲᠠᠭᠠᠬᠤ ᠵᠡᠷᠭᠡ ᠰᠦᠯᠵᠢᠶᠡᠨ ᠳᠡᠭᠡᠷᠡᠬᠢ ᠵᠠᠷᠭᠤ ᠶᠢᠨ ᠦᠢᠯᠡᠴᠢᠯᠡᠭᠡᠨ ᠤ ᠰᠢᠰᠲ᠋ᠧᠮ ᠢ ᠠᠯᠭᠤᠷ ᠢᠶᠠᠷ ᠪᠦᠷᠢᠯᠳᠦᠭᠦᠯᠵᠦ᠂ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠴᠢᠳᠠᠪᠤᠷᠢ ᠶᠢ ᠭᠠᠭᠴᠠ ᠰᠦᠯᠵᠢᠶᠡᠨ ᠳᠡᠭᠡᠷ᠎ᠡ ᠬᠡᠷᠡᠭ ᠪᠣᠯᠭᠠᠨ ᠳᠠᠩᠰᠠᠯᠠᠭᠤᠯᠬᠤ ᠠᠴᠠ ᠪᠦᠭᠦ ᠶᠠᠪᠤᠴᠠ ᠶᠢᠨ ᠵᠠᠷᠭᠤ ᠶᠢᠨ ᠦᠢᠯᠡᠴᠢᠯᠡᠭᠡ ᠲᠡᠶᠢᠰᠢ ᠥᠷᠭᠡᠳᠬᠡᠬᠦ ᠶᠢ ᠪᠡᠶᠡᠯᠡᠭᠦᠯᠪᠡ᠃ ᠲᠣᠮᠣ ᠳ᠋ᠠᠶᠢᠲ᠋ᠠ᠂ ᠵᠣᠬᠢᠶᠠᠮᠠᠯ ᠣᠶᠤᠨ ᠴᠢᠳᠠᠪᠤᠷᠢ ᠵᠡᠷᠭᠡ ᠰᠢᠨ᠎ᠡ ᠮᠡᠷᠭᠡᠵᠢᠯ ᠤᠨ ᠬᠡᠷᠡᠭᠯᠡᠯᠲᠡ ᠶᠢ ᠳᠡᠯᠭᠡᠷᠡᠭᠦᠯᠬᠦ ᠶᠢ ᠳᠠᠭᠠᠯᠳᠤᠨ᠂ ᠪᠦᠭᠦ ᠣᠷᠣᠨ ᠤ ᠰᠢᠭᠦᠬᠦ ᠬᠤᠷᠢᠶ᠎ᠠ ᠬᠡᠷᠡᠭ ᠰᠢᠢᠳᠪᠦᠷᠢᠯᠡᠬᠦ ᠶᠠᠪᠤᠴᠠ ᠶᠢᠨ ᠣᠶᠤᠨᠴᠢᠯᠠᠭᠰᠠᠨ ᠦᠰᠦᠷᠦᠯᠳᠠ ᠶᠢ ᠦᠨᠳᠦᠰᠦᠨ ᠳᠡᠭᠡᠨ ᠪᠡᠶᠡᠯᠡᠭᠦᠯᠪᠡ᠃      ᠮᠢᠩᠭᠠᠨ ᠭᠠᠵᠠᠷ ᠤᠨ ᠴᠠᠭᠠᠨ᠎ᠠ᠂ ᠬᠡᠷᠡᠭ ᠰᠢᠢᠳᠪᠦᠷᠢᠯᠡᠬᠦ ᠠᠵᠢᠯᠲᠠᠨ ᠬᠡᠷᠡᠭ ᠤᠨ ᠲᠤᠬᠠᠢ ᠶᠢᠨ ᠲᠠᠯᠠᠪᠤᠷ ᠲᠤ ᠵᠢᠯᠣᠭᠤᠴᠢ ᠦᠭᠡᠢ ᠨᠢᠰᠬᠡᠯ ᠢᠶᠠᠷ ᠭᠡᠷᠡᠴᠢ ᠠᠪᠴᠤ᠂ ᠵᠢᠷᠤᠭ ᠳᠦᠷᠰᠦ ᠶᠢ ᠴᠠᠭ ᠲᠤᠬᠠᠢ ᠳᠤᠨᠢ ᠵᠢᠯᠤᠭᠤᠳᠬᠤ ᠲᠥᠪ ᠲᠤ ᠬᠦᠷᠭᠡᠵᠦ᠂ ᠠᠯᠤᠰ ᠠᠴᠠ ᠵᠢᠯᠣᠭᠤᠳᠤᠨ ᠬᠡᠷᠡᠭ ᠰᠢᠢᠳᠪᠦᠷᠢᠯᠡᠬᠦ ᠳᠤ ᠲᠥᠭᠦᠮ ᠦᠵᠡᠭᠦᠯᠦᠭᠰᠡᠨ ᠮᠥᠷᠲᠡᠭᠡᠨ ᠲᠤᠰᠬᠠᠢ ᠮᠡᠷᠭᠡᠵᠢᠯᠲᠡᠨ ᠤ ᠠᠯᠤᠰ ᠠᠴᠠ ᠰᠤᠳᠤᠯᠤᠨ ᠮᠠᠭᠠᠳᠯᠠᠬᠤ ᠶᠢ ᠪᠡᠶᠡᠯᠡᠭᠦᠯᠪᠡ᠃ ᠨᠡᠶᠢᠭᠡᠮ ᠲᠣᠭᠤᠷᠢᠭ ᠤᠨ ᠮᠡᠳᠡᠭᠡ ᠵᠠᠩᠭᠢ ᠶᠢᠨ ᠰᠢᠰᠲ᠋ᠧᠮ ᠠᠴᠠ᠂ ᠵᠠᠯᠠᠷᠠᠭᠤᠯᠬᠤ ᠡᠲᠡᠭᠡᠳ ᠤᠨ ᠦᠨᠳᠦᠰᠦᠨ ᠮᠡᠳᠡᠭᠡ ᠵᠠᠩᠭᠢ᠂ ᠡᠷᠡᠭᠦᠦ ᠰᠢᠢᠳᠬᠡᠯ ᠢ ᠬᠡᠷᠡᠭᠵᠢᠭᠦᠯᠦᠭᠰᠡᠨ ᠪᠠᠶᠢᠳᠠᠯ ᠵᠡᠷᠭᠡ ᠠᠭᠤᠯᠭ᠎ᠠ ᠶᠢ ᠪᠠᠶᠢᠴᠠᠭᠠᠨ ᠦᠵᠡᠵᠦ ᠪᠣᠯᠣᠨ᠎ᠠ ᠁ ᠡᠳᠡᠭᠡᠷ ᠪᠣᠯ ᠥᠪᠡᠷᠲᠡᠭᠡᠨ ᠵᠠᠰᠠᠬᠤ ᠣᠷᠣᠨ ᠤ ᠲᠡᠮᠦᠷ ᠵᠠᠮ ᠤᠨ ᠪᠠᠶᠢᠴᠠᠭᠠᠬᠤ ᠪᠠᠶᠢᠭᠤᠯᠭ᠎ᠠ ᠶᠢᠨ ᠡᠭᠦᠳᠦᠨ ᠪᠠᠶᠢᠭᠤᠯᠤᠭᠰᠠᠨ ᠳ᠋ᠠᠶᠢᠲ᠋ᠠ ᠶᠢᠨ ᠮᠡᠳᠡᠭᠡ ᠵᠠᠩᠭᠢ᠂ ᠬᠡᠷᠡᠭ ᠰᠢᠢᠳᠪᠦᠷᠢᠯᠡᠬᠦ ᠲᠠᠪᠴᠠᠩ ᠵᠡᠷᠭᠡ ᠶᠢ ᠨᠢᠭᠡ ᠴᠣᠭᠴᠠᠵᠢᠭᠤᠯᠤᠭᠰᠠᠨ ᠲᠣᠮᠣ ᠳ᠋ᠠᠶᠢᠲ᠋ᠠ ᠶᠢᠨ ᠬᠡᠷᠡᠭᠯᠡᠭᠡᠨ ᠤ ᠲᠠᠪᠴᠠᠩ ᠤᠨ ᠬᠡᠷᠡᠭᠯᠡᠯᠲᠡ ᠶᠢᠨ ᠬᠡᠰᠡᠭ ᠦᠵᠡᠭᠳᠡᠯ ᠪᠣᠯᠣᠨ᠎ᠠ᠂ ᠮᠥᠨ ᠴᠦ ᠪᠦᠭᠦ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠲᠣᠭᠠᠴᠢᠯᠠᠭᠰᠠᠨ ᠪᠠᠶᠢᠴᠠᠭᠠᠬᠤ ᠠᠵᠢᠯ ᠢ ᠢᠳᠡᠪᠬᠢᠲᠡᠢ ᠠᠬᠢᠭᠤᠯᠤᠭᠰᠠᠨ ᠬᠤᠷᠢᠶᠠᠩᠭᠤᠢ ᠳᠦᠷᠰᠦ ᠪᠣᠯᠣᠨ᠎ᠠ᠃ ᠪᠦᠭᠦ ᠣᠷᠣᠨ ᠤ ᠪᠠᠶᠢᠴᠠᠭᠠᠬᠤ ᠪᠠᠶᠢᠭᠤᠯᠭ᠎ᠠ ᠪᠠᠰᠠ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠬᠠᠮᠵᠢᠯᠴᠠᠨ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠬᠤ ᠶᠢ ᠠᠬᠢᠭᠤᠯᠪᠠ᠃      ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠨᠡᠭᠦᠳᠡᠯ ᠴᠠᠭᠳᠠᠭᠠᠨ ᠤ ᠶᠠᠪᠤᠳᠠᠯ ᠤᠨ ᠪᠠᠶᠢᠭᠤᠯᠤᠯᠲᠠ ᠶᠢᠨ ᠬᠡᠷᠡᠭᠯᠡᠯᠲᠡ ᠶᠢ ᠶᠡᠭᠡ ᠪᠠᠷ ᠠᠬᠢᠭᠤᠯᠵᠤ᠂ ᠰᠢᠨ᠎ᠡ ᠨᠢᠭᠡ ᠦᠶ᠎ᠡ ᠶᠢᠨ ᠨᠡᠭᠦᠳᠡᠯ ᠴᠠᠭᠳᠠᠭᠠᠨ ᠤ ᠶᠠᠪᠤᠳᠠᠯ ᠤᠨ ᠲᠠᠪᠴᠠᠩ ᠢ ᠪᠠᠶᠢᠭᠤᠯᠤᠨ᠂ ᠬᠡᠷᠡᠭ ᠢ ᠭᠥᠯᠢᠶᠡᠨ ᠠᠪᠬᠤ᠂ ᠬᠡᠷᠡᠭ ᠰᠢᠢᠳᠪᠦᠷᠢᠯᠡᠬᠦ᠂ ᠮᠡᠳᠡᠭᠡ ᠵᠠᠩᠭᠢ ᠬᠦᠷᠭᠡᠬᠦ ᠵᠡᠷᠭᠡ ᠲᠤᠬᠠᠶᠢᠯᠠᠭᠰᠠᠨ ᠠᠵᠢᠯ ᠤᠨ ᠴᠢᠳᠠᠮᠵᠢ ᠶᠢ ᠪᠡᠶᠡᠯᠡᠭᠦᠯᠵᠦ᠂ ᠴᠠᠭᠳᠠᠭᠠᠨ ᠤ ᠪᠠᠶᠢᠳᠠᠯ ᠢ ᠰᠢᠢᠳᠪᠦᠷᠢᠯᠡᠬᠦ᠂ ᠶᠠᠯᠠᠲᠤ ᠠᠵᠢᠯᠯᠠᠭ᠎ᠠ ᠶᠢ ᠰᠡᠷᠭᠡᠶᠢᠯᠡᠨ ᠴᠣᠬᠢᠯᠲᠠ ᠥᠭᠬᠦ᠂ ᠠᠷᠠᠳ ᠤᠨ ᠠᠮᠢᠳᠤᠷᠠᠯ ᠳᠤ ᠦᠢᠯᠡᠴᠢᠯᠡᠬᠦ ᠳᠤᠮᠳᠠ ᠤᠯᠠᠮ ᠠᠴᠠ ᠤᠯᠠᠮ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃      ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠮᠡᠳᠡᠭᠡ ᠵᠠᠩᠭᠢᠵᠢᠯᠲᠠ ᠶᠢᠨ ᠬᠡᠷᠡᠭᠯᠡᠭᠡᠨ ᠤ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠠᠯᠪᠠᠨ ᠭᠡᠷᠡᠴᠢᠯᠡᠭᠡ ᠶᠢᠨ ᠦᠢᠯᠡᠴᠢᠯᠡᠭᠡ ᠬᠢᠭᠡᠳ ᠣᠷᠤᠭ ᠳᠠᠩᠰᠠᠯᠠᠭᠤᠯᠤᠭᠰᠠᠨ ᠳ᠋ᠠᠶᠢᠲ᠋ᠠ ᠶᠢᠨ ᠮᠡᠳᠡᠭᠡ ᠵᠠᠩᠭᠢ ᠶᠢ ᠰᠢᠯᠤᠭᠤᠳᠬᠠᠵᠤ᠂ ᠠᠯᠪᠠᠨ ᠭᠡᠷᠡᠴᠢᠯᠡᠭᠡ ᠶᠢᠨ ᠪᠠᠶᠢᠭᠤᠯᠤᠮᠵᠢ ᠨᠢ ᠣᠷᠤᠭ ᠳᠠᠩᠰᠠᠯᠠᠭᠤᠯᠤᠭᠰᠠᠨ ᠮᠡᠳᠡᠭᠡ ᠵᠠᠩᠭᠢ ᠶᠢ ᠴᠠᠭ ᠲᠤᠬᠠᠢ ᠳᠤᠨᠢ ᠬᠢᠨᠠᠨ ᠪᠠᠶᠢᠴᠠᠭᠠᠵᠤ ᠪᠤᠯᠤᠨ᠎ᠠ᠃ ᠬᠠᠤᠯᠢᠴᠢ ᠶᠢᠨ ᠰᠦᠯᠵᠢᠶᠡᠨ ᠳᠡᠭᠡᠷ᠎ᠡ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠭᠦᠯᠦᠭᠰᠡᠨ ᠮᠡᠳᠡᠭᠡ ᠵᠠᠩᠭᠢ ᠶᠢ ᠬᠠᠶᠢᠨ ᠯᠠᠪᠯᠠᠬᠤ ᠦᠢᠯᠡᠴᠢᠯᠡᠭᠡᠨ ᠤ ᠲᠤᠷᠰᠢᠯᠲᠠ ᠶᠢᠨ ᠠᠵᠢᠯ ᠢ ᠥᠷᠨᠢᠭᠦᠯᠵᠦ᠂ ᠬᠠᠤᠯᠢᠴᠢ ᠶᠢᠨ ᠠᠵᠢᠯ ᠡᠷᠭᠢᠯᠡᠭᠦ ᠬᠢᠷᠢ ᠭᠡᠮ᠂ ᠬᠠᠤᠯᠢ ᠴᠠᠭᠠᠵᠠ ᠶᠢᠨ ᠪᠢᠴᠢᠭ ᠬᠠᠷ᠎ᠠ ᠶᠢ ᠰᠦᠯᠵᠢᠶᠡᠨ ᠳᠡᠭᠡᠷ᠎ᠡ ᠬᠠᠷᠭᠤᠭᠤᠯᠤᠨ ᠪᠠᠶᠢᠴᠠᠭᠠᠬᠤ ᠪᠠ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠭᠦᠯᠦᠭᠰᠡᠨ ᠮᠡᠳᠡᠭᠡ ᠵᠠᠩᠭᠢ ᠶᠢ ᠬᠠᠶᠢᠨ ᠯᠠᠪᠯᠠᠬᠤ ᠪᠦᠭᠦ ᠶᠠᠪᠤᠴᠠ ᠶᠢ ᠰᠦᠯᠵᠢᠶ᠎ᠡ ᠪᠠᠷ ᠭᠦᠢᠴᠡᠳᠬᠡᠬᠦ ᠶᠢ ᠪᠡᠶᠡᠯᠡᠭᠦᠯᠪᠡ᠃ ᠪᠦᠭᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠲᠣᠮᠣ ᠳ᠋ᠠᠶᠢᠲ᠋ᠠ ᠶᠢᠨ ᠣᠶᠤᠨᠴᠢᠯᠠᠭᠰᠠᠨ ᠬᠡᠷᠡᠭᠯᠡᠭᠡᠨ ᠤ ᠲᠠᠪᠴᠠᠩ ᠳᠤ ᠲᠦᠰᠢᠭᠯᠡᠨ᠂ ᠨᠡᠶᠢᠭᠡᠮ ᠲᠣᠭᠤᠷᠢᠭ ᠲᠤ ᠵᠠᠯᠠᠷᠠᠭᠤᠯᠤᠭᠰᠠᠨ ᠢ ᠪᠠᠶᠢᠴᠠᠭᠠᠨ ᠦᠨᠡᠯᠡᠬᠦ᠂ ᠬᠠᠮᠢᠶᠠᠷᠤᠯᠲᠠ ᠠᠴᠠ ᠰᠠᠯᠪᠠᠯ ᠬᠠᠮᠵᠢᠨ ᠪᠠᠶᠢᠴᠠᠭᠠᠬᠤ ᠵᠡᠷᠭᠡ 13 ᠵᠦᠢᠯ ᠤᠨ ᠲᠤᠬᠠᠶᠢᠯᠠᠭᠰᠠᠨ ᠠᠵᠢᠯ ᠤᠨ ᠴᠤᠪᠤᠷᠠᠯ ᠤᠨ ᠤᠯᠤᠰ ᠲᠥᠷᠥ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠳ ᠰᠦᠯᠵᠢᠶᠡᠨ ᠳᠡᠭᠡᠷ᠎ᠡ ᠬᠠᠮᠵᠢᠯᠴᠠᠨ ᠭᠦᠢᠴᠡᠳᠬᠡᠬᠦ ᠶᠢ ᠪᠡᠶᠡᠯᠡᠭᠦᠯᠵᠦ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠬᠢᠭᠡᠳ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠨᠢᠭᠡᠴᠢ ᠶᠢᠨ ︽ᠣᠯᠠᠨ ᠲᠠᠯ᠎ᠠ ᠪᠠᠷ ᠬᠤᠯᠪᠤᠭᠠᠯᠠᠨ ᠬᠥᠳᠡᠯᠦᠯᠴᠡᠵᠦ ᠬᠠᠷᠢᠯᠴᠠᠨ ᠨᠡᠪᠲᠡᠷᠡᠯᠴᠡᠬᠦ︾ ᠲᠣᠭᠲᠠᠴᠠ ᠶᠢ ᠪᠦᠷᠢᠯᠳᠦᠭᠦᠯᠪᠡ᠃      ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠣᠳᠣᠬᠢᠴᠢᠯᠠᠯᠲᠠ ᠶᠢ ᠠᠬᠢᠭᠤᠯᠬᠤ ᠳᠤ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠪᠣᠯ ᠬᠤᠷᠴᠠ ᠵᠡᠪᠰᠡᠭ ᠮᠥᠨ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ  ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠭᠠᠵᠠᠷ ᠤᠨ ᠳᠠᠷᠤᠭ᠎ᠠ ᠵᠢᠶᠠ ᠶᠤᠸᠠᠨ ᠶᠠᠨ᠄ ︽ᠲᠠᠷᠠᠭᠠᠴᠢ ᠪᠠᠷ᠂ ᠪᠢᠳᠡ ᠦᠷᠭᠦᠯᠵᠢᠯᠡᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠬᠢᠨᠠᠯᠲᠠ ᠲᠠᠯᠪᠢᠬᠤ ᠶᠢ ᠴᠢᠩᠭᠠᠳᠬᠠᠬᠤ ᠪᠠᠷ ᠭᠤᠣᠯ ᠰᠢᠵᠢᠮ ᠪᠤᠯᠭᠠᠵᠤ᠂ ᠪᠦᠭᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠲᠣᠮᠣ ᠳ᠋ᠠᠶᠢᠲ᠋ᠠ ᠶᠢᠨ ᠣᠶᠤᠨᠴᠢᠯᠠᠭᠰᠠᠨ ᠪᠠᠶᠢᠭᠤᠯᠤᠯᠲᠠ ᠪᠠ ᠬᠡᠷᠡᠭᠯᠡᠯᠲᠡ ᠶᠢ ᠭᠦᠨᠵᠡᠭᠡᠶᠢᠷᠡᠭᠦᠯᠵᠦ᠂ ᠬᠠᠤᠯᠢ ᠬᠡᠷᠡᠭᠵᠢᠭᠦᠯᠬᠦ ᠶᠠᠰᠤ ᠴᠢᠨᠠᠷ᠂ ᠦᠷ᠎ᠡ ᠪᠦᠲᠦᠮᠵᠢ ᠪᠠ ᠣᠯᠠᠨ ᠨᠡᠶᠢᠲᠡ ᠶᠢᠨ ᠢᠲᠡᠭᠡᠭᠦᠯᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠩ ᠥᠨᠳᠥᠷ ᠲᠦᠪᠰᠢᠨ ᠪᠦᠬᠦᠢ ᠬᠠᠤᠯᠢᠵᠢᠯ ᠤᠨ ᠥᠪᠥᠷ ᠮᠣᠩᠭᠤᠯ ᠢ ᠪᠦᠲᠦᠭᠡᠨ ᠪᠠᠶᠢᠭᠤᠯᠬᠤ ᠳᠤ ᠪᠠᠲᠤ ᠴᠢᠩᠭ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ︾ ᠭᠡᠵᠦ ᠬᠡᠯᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号