ᠰᠢᠶᠠᠩ ᠾᠧ ᠶᠤᠸᠠᠨ ᠨᠡᠶᠢᠭᠡᠮ ᠲᠣᠭᠤᠷᠢᠭ ︽ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠠᠴᠠ ᠬᠤᠯᠠ ᠵᠠᠶᠢᠳᠠᠵᠤ ᠥᠯᠵᠡᠶᠢᠲᠦ ᠴᠠᠭᠠᠨ ᠰᠠᠷ᠎ᠠ ᠶᠢ ᠬᠠᠮᠲᠤᠪᠠᠷ ᠥᠩᠭᠡᠷᠡᠭᠦᠯᠬᠦ︾ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/1/24
     ᠴᠠᠭᠠᠨ ᠰᠠᠷ᠎ᠠ ᠪᠣᠯᠬᠤ ᠭᠡᠵᠦ ᠪᠠᠶᠢᠭ᠎ᠠ ᠦᠶ᠎ᠡ ᠳᠤ ᠰᠢᠶᠠᠩ ᠾᠧ ᠶᠤᠸᠠᠨ ᠨᠡᠶᠢᠭᠡᠮ ᠲᠣᠭᠤᠷᠢᠭ ᠤᠨ ᠬᠢᠨ ᠬᠤᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠬᠥᠭᠵᠢᠭᠦᠯᠬᠦ ᠲᠥᠪ ᠲᠠᠢ ᠬᠠᠮᠲᠤᠷᠠᠨ ︽ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠠᠴᠠ ᠬᠤᠯᠠ ᠵᠠᠶᠢᠳᠠᠵᠤ ᠥᠯᠵᠡᠶᠢᠲᠦ ᠴᠠᠭᠠᠨ ᠰᠠᠷ᠎ᠠ ᠶᠢ ᠬᠠᠮᠲᠤᠪᠠᠷ ᠥᠩᠭᠡᠷᠡᠭᠦᠯᠬᠦ︾ ᠪᠠᠷ ᠭᠤᠣᠯ ᠰᠡᠳᠦᠪ ᠪᠣᠯᠭᠠᠭᠰᠠᠨ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃
     ᠠᠵᠢᠯᠯᠠᠭ᠎ᠠ ᠶᠢᠨ ᠶᠠᠪᠤᠴᠠ ᠳᠤ᠂ ᠰᠢᠶᠠᠩ ᠡᡁᠧ ᠶᠤᠸᠠᠨ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠠᠵᠢᠯᠯᠠᠭᠴᠢᠳ ᠬᠠᠷᠢᠶ᠎ᠠ ᠣᠷᠣᠨ ᠤ ᠪᠠᠨ ᠤᠯᠠᠨ ᠲᠦᠮᠡᠨ ᠳᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠵᠡᠢ᠃ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠪᠠ ᠨᠢᠭᠤᠷᠲᠠᠨ ᠯᠠᠪᠯᠠᠬᠤ ᠵᠡᠷᠭᠡ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠠᠷᠭ᠎ᠠ ᠬᠡᠯᠪᠡᠷᠢ ᠪᠠᠷ ᠳᠠᠮᠵᠢᠭᠤᠯᠤᠨ᠂ ᠨᠠᠭᠠᠰᠢ ᠴᠠᠭᠠᠰᠢ ᠥᠩᠭᠡᠷᠡᠬᠦ ᠣᠯᠠᠨ ᠲᠦᠮᠡᠨ ᠳᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢᠨ ᠬᠤᠣᠷ ᠬᠥᠨᠥᠭᠡᠯ ᠢ ᠢᠳᠡᠪᠬᠢᠲᠡᠶ ᠪᠠᠷ ᠤᠬᠠᠭᠤᠯᠵᠤ᠂ ᠬᠤᠯᠪᠣᠭᠳᠠᠯ ᠪᠦᠬᠦᠢ ᠮᠥᠩᠭᠦᠨ ᠭᠦᠢᠯᠭᠡᠭᠡᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠲᠦᠭᠡᠮᠡᠯᠵᠢᠭᠦᠯᠬᠦ ᠶᠢᠨ ᠬᠠᠮᠲᠤ ᠬᠤᠯᠪᠣᠭᠳᠠᠯ ᠪᠦᠬᠦᠢ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢ ᠰᠡᠷᠭᠡᠶᠢᠯᠡᠬᠦ ᠠᠷᠭ᠎ᠠ ᠪᠠ ᠠᠷᠭ᠎ᠠ ᠬᠡᠮᠵᠢᠶ᠎ᠡ ᠶᠢ ᠤᠯᠠᠨ ᠲᠦᠮᠡᠨ ᠳᠤ ᠲᠠᠨᠢᠯᠴᠠᠭᠤᠯᠵᠤ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢᠨ ᠭᠤᠣᠯ ᠣᠨᠴᠠᠯᠢᠭ᠂ ᠢᠯᠡᠷᠡᠬᠦ ᠬᠡᠯᠪᠡᠷᠢ ᠪᠠ ᠪᠠᠶᠢᠩᠭᠤ ᠲᠣᠬᠢᠶᠠᠯᠳᠤᠬᠤ ᠠᠷᠭ᠎ᠠ ᠪᠠᠷᠢᠯ ᠢ ᠭᠤᠣᠯᠳᠠᠯᠭ᠎ᠠ ᠲᠠᠢ ᠪᠠᠷ ᠤᠬᠠᠭᠤᠯᠵᠤ᠂ ᠶᠠᠯᠠᠲᠤ ᠡᠲᠡᠭᠡᠳ ᠤᠨ ᠮᠡᠬᠡᠯᠡᠬᠦ ᠠᠷᠭ᠎ᠠ ᠪᠠᠰᠢᠷ ᠢ ᠢᠯᠡᠴᠢᠯᠡᠵᠦ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠠᠵᠢᠯᠯᠠᠭ᠎ᠠ ᠡᠭᠦᠰᠬᠦ ᠶᠢ ᠡᠬᠢ ᠰᠤᠷᠪᠤᠯᠵᠢ ᠠᠴᠠ ᠨᠢ ᠰᠡᠷᠭᠡᠶᠢᠯᠡᠨ᠎ᠡ᠃
     ᠪᠠᠯᠠ ᠣᠷᠣᠭᠤᠯᠵᠤ ᠡᠳ᠋ ᠤᠨ ᠶᠠᠪᠤᠳᠠᠯ ᠢ ᠬᠠᠮᠢᠶᠠᠷᠬᠤ ᠶᠠᠪᠤᠴᠠ ᠳᠤ᠂ ᠵᠥᠪ ᠣᠨᠣᠪᠴᠢᠲᠠᠶ ᠡᠳ᠋ ᠤᠨ ᠶᠠᠪᠤᠳᠠᠯ ᠢ ᠬᠠᠮᠢᠶᠠᠷᠬᠤ ᠦᠵᠡᠯᠲᠡ ᠶᠢ ᠪᠣᠶ ᠪᠣᠯᠭᠠᠵᠤ᠂ ᠰᠠᠭᠤᠭᠠᠯᠢ ᠠᠷᠠᠳ ᠤᠨ ᠰᠠᠨᠠᠭᠠᠴᠢᠯᠠᠭ᠎ᠠ ᠠᠴᠠ ᠪᠠᠨ ᠴᠢᠬᠤᠯᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠪᠠ ᠮᠥᠩᠭᠦᠨ  ᠭᠦᠢᠯᠭᠡᠭᠡᠨ ᠤ ᠶᠡᠷᠦ ᠶᠢᠨ ᠮᠡᠳᠡᠯᠭᠡ ᠶᠢ ᠰᠤᠷᠤᠯᠴᠠᠬᠤ ᠶᠢ ᠰᠠᠨᠠᠭᠠᠴᠢᠯᠠᠵᠤ᠂ ᠪᠠᠯᠠ ᠣᠷᠣᠭᠤᠯᠤᠯᠲᠠ ᠬᠤᠬᠢᠷᠠᠯ ᠳᠤ ᠤᠴᠠᠷᠠᠭᠰᠠᠨ ᠦᠶ᠎ᠡ ᠳᠤ ᠡᠷᠬᠡ ᠪᠠᠨ ᠣᠶᠤᠨᠴᠢ ᠪᠠᠷ ᠬᠠᠮᠠᠭᠠᠯᠠᠬᠤ ᠶᠢ ᠪᠡᠶᠡᠯᠡᠭᠦᠯᠦᠨ᠎ᠡ᠃ ᠲᠤᠤᠷᠵᠢᠭᠰᠠᠨ ᠰᠦᠯᠵᠢᠶᠡᠨ ᠤ ᠬᠠᠮᠢᠶᠠᠷᠤᠯᠲᠠ ᠶᠢᠨ ᠠᠵᠢᠯᠲᠠᠨ ᠵᠢᠴᠢ ᠰᠠᠶᠢᠨ ᠳᠤᠷ᠎ᠠ ᠶᠢᠨ ᠠᠵᠢᠯᠯᠠᠭᠴᠢ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠮᠥᠩᠭᠦᠨ ᠭᠦᠢᠯᠭᠡᠭᠡᠨ ᠤ ᠮᠡᠳᠡᠯᠭᠡ ᠶᠢ ᠲᠥᠬᠦᠮ ᠣᠶᠢᠯᠠᠭᠠᠮᠵᠢᠲᠠᠶ ᠦᠭᠡ ᠬᠡᠯᠡ ᠪᠠᠷ ᠲᠦᠭᠡᠮᠡᠯᠵᠢᠭᠦᠯᠦᠨ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢᠨ ᠨᠡᠶᠢᠭᠡᠮ ᠤᠨ ᠬᠤᠤᠷ ᠬᠥᠨᠥᠭᠡᠯᠲᠦ ᠴᠢᠨᠠᠷ ᠤᠨ ᠲᠤᠬᠠᠶ ᠣᠯᠠᠨ ᠲᠦᠮᠡᠨ ᠤ ᠲᠠᠨᠢᠯᠲᠠ ᠶᠢ ᠬᠥᠲᠥᠯᠦᠨ ᠵᠢᠯᠣᠭᠤᠳᠬᠤ ᠪᠠ ᠳᠡᠭᠡᠭᠰᠢᠯᠡᠭᠦᠯᠵᠦ᠂ ᠲᠦᠭᠰᠢᠭᠦᠷᠢ ᠶᠢ ᠢᠯᠭᠠᠨ ᠲᠠᠨᠢᠬᠤ ᠴᠢᠳᠠᠪᠤᠷᠢ ᠶᠢ ᠳᠡᠭᠡᠭᠰᠢᠯᠡᠭᠦᠯᠦᠨ᠂ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢ ᠴᠢᠩᠭᠠᠷᠠᠭᠤᠯᠵᠤ᠂ ᠵᠥᠪ ᠣᠨᠣᠪᠴᠢᠲᠠᠶ ᠪᠠᠯᠠ ᠣᠷᠣᠭᠤᠯᠤᠯᠲᠠ ᠶᠢᠨ ᠣᠨᠣᠯᠵᠢᠬᠤᠨ ᠢ ᠬᠥᠮᠦᠵᠢᠭᠦᠯᠦᠨ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠠᠴᠠ ᠤᠬᠠᠮᠰᠠᠷ ᠠᠴᠠ ᠪᠠᠨ ᠬᠤᠯᠠᠳᠠᠨ᠎ᠠ᠃
     ᠤᠬᠠᠭᠤᠯᠭ᠎ᠠ ᠬᠢᠬᠦ ᠳᠡᠭᠡᠨ ᠴᠢᠬᠤᠯᠠᠴᠢᠯᠠᠭᠰᠠᠨ ᠨᠢ᠂ ᠨᠠᠰᠤᠲᠠᠶᠢᠴᠤᠳ ᠬᠠᠤᠯᠢ ᠪᠤᠰᠤ ᠪᠠᠷ ᠪᠠᠯᠠ ᠮᠥᠩᠭᠦ ᠴᠤᠭᠯᠠᠭᠤᠯᠬᠤ ᠮᠡᠬᠡᠯᠡᠯ ᠳᠤ ᠤᠨᠠᠪᠠᠯ᠂ ᠲᠡᠭᠦᠨ ᠤ ᠮᠡᠬᠡᠯᠡᠬᠦ ᠠᠷᠭ᠎ᠠ ᠪᠣᠯ ᠳᠠᠷᠤᠶ ︽ᠥᠨᠳᠥᠷ ᠬᠠᠷᠠᠮᠵᠢ ᠤᠯᠬᠤ︾ ᠪᠤᠯᠤᠨ᠎ᠠ᠂ ᠨᠡᠶᠢᠭᠡᠮ ᠳᠡᠭᠡᠷᠡᠬᠢ ᠵᠠᠷᠢᠮ ᠬᠠᠤᠯᠢ ᠪᠤᠰᠤ ᠪᠠᠶᠢᠭᠤᠯᠤᠮᠵᠢ ᠶᠢᠨ ︽ᠪᠡᠯᠡ ᠪᠠᠨ ᠪᠠᠲᠤᠯᠠᠬᠤ︾ ︽ᠥᠨᠳᠥᠷ ᠬᠦᠤ ᠠᠪᠬᠤ︾ ᠭᠡᠬᠦ ᠮᠡᠲᠦ ᠶᠢᠨ ᠤᠬᠠᠭᠤᠯᠭ᠎ᠠ ᠶᠢ ᠠᠮᠠᠷᠬᠠᠨ ᠢᠲᠡᠭᠡᠵᠦ ᠪᠣᠯᠬᠤ ᠥᠬᠡᠶ᠂ ᠮᠡᠬᠡᠯᠡᠭᠴᠢ ᠶᠢᠨ ᠲᠡᠳᠡᠭᠡᠷ ︽ᠬᠡᠨ ᠳᠤ ᠴᠦ ᠬᠡᠯᠡᠵᠦ ᠪᠣᠯᠬᠤ ᠥᠬᠡᠶ︾ ᠴᠠᠯᠴᠢᠶ᠎ᠠ ᠶᠢ ᠢᠲᠡᠭᠡᠵᠦ ᠪᠣᠯᠬᠤ ᠥᠬᠡᠶ᠃ ᠪᠡᠯᠡ ᠣᠷᠣᠭᠤᠯᠤᠯᠲᠠ ᠪᠠᠨ ᠲᠣᠭᠲᠠᠭᠠᠵᠤ ᠳᠡᠶᠢᠯᠬᠦ ᠦᠭᠡᠢ ᠦᠶ᠎ᠡ ᠳᠤ᠂ ᠭᠡᠷ ᠤᠨ ᠬᠥᠮᠦᠰ᠂ ᠦᠷ᠎ᠡ ᠬᠡᠦᠬᠡᠳ ᠵᠢᠴᠢ ᠢᠲᠡᠭᠡᠯᠲᠡᠶ ᠬᠥᠷᠰᠢ ᠵᠡᠷᠭᠡᠯᠡᠳᠡᠭᠡ᠂ ᠨᠠᠶᠢᠵᠠ᠂ ᠲᠤᠰᠬᠠᠶ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠢᠯᠡᠭᠦᠬᠡᠨ ᠡᠷᠢᠵᠦ ᠠᠰᠠᠭᠤᠨ ᠰᠤᠳᠤᠯᠬᠤ ᠬᠡᠷᠡᠭᠲᠡᠶ᠃ ᠬᠠᠤᠯᠢ ᠪᠤᠰᠤ ᠪᠠᠷ ᠡᠳ᠋ ᠤᠨ ᠶᠠᠪᠤᠳᠠᠯ ᠢ ᠬᠠᠮᠢᠶᠠᠷᠬᠤ ᠠᠷᠭ᠎ᠠ ᠵᠠᠮ ᠠᠴᠠ ᠬᠤᠯᠠᠳᠠᠵᠤ᠂ ᠥᠪᠡᠷ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠪᠠᠨ ᠪᠠᠲᠤᠯᠠᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ᠂ ᠲᠦᠭᠰᠢᠭᠦᠷᠢ ᠶᠢ ᠰᠠᠨᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠠᠰᠤᠲᠠᠶᠢᠴᠤᠳ ᠢ ᠬᠥᠲᠥᠯᠦᠨ ᠵᠢᠯᠣᠭᠤᠳᠴᠤ ᠪᠠᠶᠢᠭᠠᠳ ᠲᠦᠭᠰᠢᠭᠦᠷᠢ ᠶᠢᠨ ᠤᠬᠠᠮᠰᠠᠷ ᠢ ᠨᠢ ᠴᠢᠩᠭᠠᠷᠠᠭᠤᠯᠵᠤ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠠᠴᠠ ᠤᠬᠠᠮᠰᠠᠷ ᠠᠴᠠ ᠪᠠᠨ ᠬᠤᠯᠠᠳᠠᠭᠤᠯᠬᠤ ᠬᠡᠷᠡᠭᠲᠡᠶ᠃
     ᠣᠶᠢᠯᠠᠭᠠᠭᠰᠠᠨ ᠢᠶᠠᠷ᠂ ᠲᠤᠰ ᠤᠬᠠᠭᠤᠯᠭ᠎ᠠ ᠶᠢᠨ ᠠᠵᠢᠯᠯᠠᠭ᠎ᠠ ᠶᠢᠨ ᠵᠣᠷᠢᠯᠭ᠎ᠠ ᠨᠢ ᠨᠡᠶᠢᠭᠡᠮ ᠨᠡᠶᠢᠲᠡ ᠶᠢᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠤᠬᠠᠮᠰᠠᠷ ᠪᠠ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠣᠯᠠᠨ ᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠵᠤ᠂ ᠮᠥᠩᠭᠦᠨ ᠭᠦᠢᠯᠭᠡᠭᠡᠨ ᠤ ᠡᠮᠬᠢ ᠵᠢᠷᠤᠮ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠨᠡᠶᠢᠭᠡᠮ ᠨᠡᠶᠢᠲᠡ ᠶᠢ ᠬᠥᠲᠥᠯᠦᠨ ᠵᠢᠯᠣᠭᠤᠳᠴᠤ ᠪᠠᠶᠢᠭᠠᠳ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠲᠦᠭᠰᠢᠭᠦᠷᠢ ᠶᠢ ᠰᠡᠷᠭᠡᠶᠢᠯᠡᠬᠦ ᠦᠵᠡᠯ ᠤᠬᠠᠮᠰᠠᠷ ᠢ ᠨᠢ ᠨᠡᠮᠡᠭᠳᠡᠭᠦᠯᠦᠨ᠂ ᠡᠳ᠋ ᠤᠨ ᠶᠠᠪᠤᠳᠠᠯ ᠢ ᠬᠠᠮᠢᠶᠠᠷᠬᠤ ᠵᠥᠪ ᠦᠵᠡᠯᠲᠡ ᠶᠢ ᠪᠣᠶ ᠪᠣᠯᠭᠠᠵᠤ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠵᠣᠬᠢᠶᠠᠨ ᠪᠠᠶᠢᠭᠤᠯᠬᠤ ᠥᠬᠡᠶ᠂ ᠬᠠᠮᠵᠢᠯᠴᠠᠬᠤ ᠥᠬᠡᠶ᠂ ᠣᠷᠣᠯᠴᠠᠬᠤ ᠥᠬᠡᠶ ᠪᠠᠷ ᠠᠮᠤᠷ ᠲᠦᠪᠰᠢᠨ ᠥᠯᠵᠡᠶ ᠪᠡᠯᠭᠡ ᠲᠠᠢ ᠴᠠᠭᠠᠨ ᠰᠠᠷ᠎ᠠ ᠶᠢ ᠥᠩᠭᠡᠷᠡᠭᠦᠯᠬᠦ ᠬᠡᠷᠡᠭᠲᠡᠶ᠃      ᠤᠬᠠᠭᠤᠯᠭ᠎ᠠ ᠶᠢᠨ ᠠᠯᠢ ᠤᠯᠠᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ ᠤᠯᠠᠨ ᠲᠦᠮᠡᠨ ᠤ ᠬᠠᠤᠯᠢ ᠴᠠᠭᠠᠵᠠ ᠶᠢᠨ ᠦᠵᠡᠯ ᠤᠬᠠᠮᠰᠠᠷ ᠪᠠ ᠠᠶᠤᠯ ᠲᠦᠭᠰᠢᠭᠦᠷᠢ ᠶᠢ ᠰᠡᠷᠭᠡᠶᠢᠯᠡᠬᠦ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠥᠩᠭᠦᠨ ᠭᠦᠢᠯᠭᠡᠭᠡᠨ ᠤ ᠬᠡᠪ ᠤᠨ ᠡᠮᠬᠢ ᠵᠢᠷᠤᠮ ᠪᠠ ᠨᠡᠶᠢᠭᠡᠮ ᠤᠨ ᠰᠠᠶᠢᠨ ᠰᠠᠶᠢᠬᠠᠨ ᠣᠷᠴᠢᠨ ᠨᠥᠬᠦᠴᠡᠯ ᠢ ᠬᠠᠮᠠᠭᠠᠯᠠᠬᠤ ᠬᠡᠷᠡᠭᠲᠡᠶ᠃ ᠲᠠᠷᠠᠭᠠᠴᠢ ᠶᠢᠨ ᠠᠯᠬᠤᠮ ᠳᠤ ᠤᠬᠠᠭᠤᠯᠭ᠎ᠠ ᠬᠥᠮᠦᠵᠢᠯ ᠤᠨ ᠠᠵᠢᠯ ᠢ ᠦᠷᠭᠦᠯᠵᠢᠯᠡᠨ ᠪᠠᠶᠢᠩᠭᠤᠵᠢᠭᠤᠯᠤᠨ ᠰᠠᠶᠢᠲᠤᠷ ᠬᠢᠵᠦ᠂ ᠰᠡᠷᠡᠮᠵᠢᠯᠡᠭᠦᠯᠬᠦ ᠬᠥᠮᠦᠵᠢᠯ ᠤᠨ ᠡᠷᠴᠢᠮ ᠢ ᠦᠨᠡᠨᠬᠦ ᠴᠢᠩᠭᠠᠷᠠᠭᠤᠯᠵᠤ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠤᠭᠰᠠᠨ ᠰᠦᠪᠡᠭᠴᠢ ᠶᠢ ᠣᠯᠵᠤ ᠮᠡᠳᠡᠪᠡᠯ ᠴᠠᠭ ᠲᠤᠬᠠᠢ ᠳᠤᠨᠢ ᠢᠯᠡᠴᠢᠯᠡᠨ ᠮᠡᠳᠡᠭᠦᠯᠵᠦ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢ ᠡᠬᠢ ᠡᠭᠦᠰᠦᠯ ᠠᠴᠠ ᠨᠢ ᠬᠤᠷᠢᠭᠯᠠᠵᠤ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠶᠢ ᠪᠠᠲᠤᠯᠠᠨ᠎ᠠ᠃            ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号