ᠢᠦᠶ ᠴᠢᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ᠄ ︽ᠬᠦᠬᠡ ᠬᠤᠲᠠ ᠶᠢᠨ ᠳᠤᠯᠠᠭᠠᠨ ᠡᠪᠦᠯ ᠤᠨ ᠤᠯᠠᠷᠢᠯ ᠳᠤ ᠵᠣᠯ ᠵᠢᠷᠭᠠᠯ ᠢ ᠭᠡᠷᠡᠯᠲᠦᠭᠦᠯᠬᠦ︾ ᠭᠤᠤᠯ ᠰᠡᠳᠦᠪᠲᠦ ᠠᠵᠢᠯᠯᠠᠭ᠎ᠠ ᠶᠢ ᠦᠷᠨᠢᠭᠦᠯᠪᠡ
ᠨᠡᠶᠢᠲᠡᠯᠡᠭᠰᠡᠨ ᠴᠠᠭ᠄
2024/1/24
     ᠥᠷᠭᠡᠨ ᠤᠯᠠᠨ ᠲᠦᠮᠡᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠢ ᠤᠯᠠᠮ ᠴᠢᠨᠠᠭᠰᠢᠳᠠ ᠴᠢᠩᠭᠠᠳᠬᠠᠵᠤ᠂ ᠤᠯᠠᠨ ᠲᠦᠮᠡᠨ ᠳᠤ ᠦᠨᠳᠦᠰᠦᠨ ᠵᠠᠮ ᠬᠠᠷᠢᠯᠴᠠᠭᠠᠨ ᠤ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠡᠵᠡᠮᠰᠢᠭᠦᠯᠵᠦ᠂ ᠥᠪᠡᠷ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠶᠢᠨ ᠲᠥᠯᠥᠭᠡ᠂ 1 ᠳ᠋ᠤᠭᠡᠷ ᠰᠠᠷ᠎ᠠ ᠶᠢᠨ 22 ᠤᠨ ᠦᠳᠡ ᠶᠢᠨ ᠡᠮᠦᠨ᠎ᠡ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠬᠢ ᠶᠢᠨ ᠢᠦᠢ ᠴᠢᠤᠸᠠᠨ ᠲᠣᠭᠤᠷᠢᠭ ᠤᠨ ᠶᠡᠭᠡ ᠠᠩᠬᠢ ᠶᠢᠨ ᠬᠢᠨ ᠤᠬᠠᠭᠤᠯᠬᠤ ᠠᠷᠠᠳ ᠤᠨ ᠴᠠᠭᠳᠠᠭ᠎ᠠ ᠶᠢ ᠪᠣᠭᠤᠮᠲᠠ ᠶᠢᠨ ᠬᠠᠭᠤᠴᠢᠨ ᠵᠡᠭᠡᠯᠢ ᠶᠢᠨ ᠵᠤᠭᠠᠴᠠᠯ ᠰᠡᠯᠡᠭᠦᠴᠡᠯ ᠤᠨ ᠵᠡᠭᠡᠯᠢ ᠲᠣᠭᠤᠷᠢᠭ ᠲᠤ ᠭᠦᠨᠵᠡᠭᠡᠶᠢᠷᠡᠵᠦ᠂ ︽ᠬᠦᠬᠡ ᠬᠤᠲᠠ ᠶᠢᠨ ᠳᠤᠯᠠᠭᠠᠨ ᠡᠪᠦᠯ ᠤᠨ ᠤᠯᠠᠷᠢᠯ ᠳᠤ ᠵᠣᠯ ᠵᠢᠷᠭᠠᠯ ᠢ ᠭᠡᠷᠡᠯᠲᠦᠭᠦᠯᠬᠦ︾ ᠭᠤᠤᠯ ᠰᠡᠳᠦᠪᠲᠦ ᠠᠵᠢᠯᠯᠠᠭ᠎ᠠ ᠶᠢ ᠦᠷᠨᠢᠭᠦᠯᠪᠡ᠃
     ᠠᠵᠢᠯᠯᠠᠭ᠎ᠠ ᠶᠢᠨ ᠳᠤᠮᠳᠠ᠂ ᠤᠬᠠᠭᠤᠯᠬᠤ ᠠᠷᠠᠳ ᠤᠨ ᠴᠠᠭᠳᠠᠭ᠎ᠠ ᠨᠢᠭᠤᠷᠲᠠᠨ ᠰᠣᠯᠢᠯᠴᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠥᠷᠭᠡᠨ ᠣᠯᠠᠨ ᠲᠦᠮᠡᠨ ᠳᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠵᠦ᠂ ᠨᠡᠶᠢᠲᠡᠯᠢᠭ ᠬᠡᠷᠡᠭ ᠤᠨ ᠵᠢᠱᠢᠶ᠎ᠡ ᠵᠢᠴᠢ ᠪᠠᠶᠢᠩᠭᠤ ᠲᠣᠬᠢᠶᠠᠯᠳᠤᠬᠤ ᠵᠠᠮ ᠬᠠᠷᠢᠯᠴᠠᠭᠠᠨ ᠤ ᠬᠠᠤᠯᠢ ᠶᠢ ᠵᠥᠷᠢᠴᠡᠭᠰᠡᠨ ᠠᠵᠢᠯᠯᠠᠭ᠎ᠠ ᠲᠠᠢ ᠤᠶᠠᠯᠳᠤᠭᠤᠯᠤᠨ᠂ ᠬᠡᠷᠡᠭ ᠢᠶᠠᠷ ᠬᠡᠯᠡᠯᠴᠡᠵᠦ᠂ ᠰᠣᠭᠲᠣᠭᠤ ᠪᠠᠷ ᠲᠡᠷᠭᠡ ᠵᠢᠯᠣᠭᠤᠳᠬᠤ᠂ ᠬᠠᠤᠯᠢ ᠪᠤᠰᠤ ᠪᠠᠷ ᠬᠥᠮᠦᠨ ᠰᠠᠭᠤᠯᠭᠠᠬᠤ᠂ ᠶᠠᠳᠠᠷᠠᠭᠤ ᠪᠠᠷ ᠲᠡᠷᠭᠡ ᠵᠢᠯᠣᠭᠤᠳᠬᠤ᠂ ᠬᠥᠮᠦᠨ ᠤ ᠲᠤᠭ᠎ᠠ ᠪᠠ ᠬᠤᠷᠳᠤᠴᠠ ᠬᠡᠲᠦᠷᠡᠬᠦ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠬᠤᠣᠷ ᠬᠦᠨᠦᠭᠡᠯᠳᠤ ᠴᠢᠨᠠᠷ ᠵᠢᠴᠢ ︽ᠨᠢᠭᠡ ᠳᠤᠭᠤᠯᠠᠭ᠎ᠠ ᠨᠢᠭᠡ ᠪᠦᠰᠡ︾ ᠶᠢᠨ ᠠᠮᠤᠷ ᠲᠦᠪᠰᠢᠨ ᠢᠶᠠᠷ ᠠᠶᠠᠯᠠᠬᠤ ᠶᠢᠨ ᠴᠢᠬᠤᠯᠠ ᠴᠢᠨᠠᠷ ᠢ ᠨᠠᠷᠢᠨ ᠲᠠᠶᠢᠯᠪᠤᠷᠢᠯᠠᠵᠤ᠂ ᠥᠷᠭᠡᠨ ᠤᠯᠠᠨ ᠲᠦᠮᠡᠨ ᠳᠤ ᠵᠠᠮ ᠬᠠᠷᠢᠯᠴᠠᠭᠠᠨ ᠤ ᠮᠠᠭᠤ ᠳᠠᠳᠬᠠᠯ ᠢ ᠤᠬᠠᠮᠰᠠᠷ ᠠᠴᠠ ᠪᠠᠨ ᠬᠤᠷᠢᠭᠯᠠᠵᠤ᠂ ᠠᠵᠠ ᠵᠠᠪᠰᠢᠶᠠᠨ ᠢ ᠡᠷᠢᠬᠦ ᠪᠤᠳᠤᠯ ᠡᠪᠦᠷᠯᠡᠬᠦ ᠦᠭᠡᠢ ᠪᠠᠷ ᠪᠣᠯᠪᠠᠰᠤᠨ ᠵᠠᠮ ᠬᠠᠷᠢᠯᠴᠠᠭᠠᠨ ᠤ ᠣᠷᠣᠯᠴᠠᠭᠴᠢ ᠪᠣᠯᠬᠤ᠂ ᠠᠮᠤᠷ ᠲᠦᠪᠰᠢᠨ ᠢᠶᠠᠷ ᠲᠡᠷᠭᠡ ᠵᠢᠯᠣᠭᠤᠳᠬᠤ᠂ ᠪᠣᠯᠪᠠᠰᠤᠨ ᠢᠶᠠᠷ ᠠᠶᠠᠯᠠᠬᠤ ᠪᠠᠷ ᠢᠳᠡᠪᠬᠢᠲᠡᠢ ᠴᠢᠷᠮᠠᠶᠢᠬᠤ ᠬᠡᠷᠡᠭᠲᠡᠢ ᠭᠡᠵᠦ ᠰᠠᠨᠠᠭᠤᠯᠪᠠ᠃
     ᠲᠤᠰ ᠤᠳᠠᠭᠠᠨ ᠤ ᠠᠵᠢᠯᠯᠠᠭ᠎ᠠ ᠳᠤ ᠣᠷᠣᠯᠴᠠᠭᠰᠠᠨ ᠬᠤᠲᠠ ᠶᠢᠨ ᠠᠷᠠᠳ ᠣᠯᠠᠨ ᠤᠬᠠᠭᠤᠯᠬᠤ ᠠᠷᠠᠳ ᠤᠨ ᠴᠠᠭᠳᠠᠭ᠎ᠠ  ᠶᠢᠨ ᠠᠵᠢᠯ ᠢ ᠵᠥᠪᠰᠢᠶᠡᠷᠡᠵᠦ ᠪᠠᠶᠢᠬᠤ ᠪᠠᠨ ᠢᠯᠡᠷᠬᠡᠶᠢᠯᠡᠭᠰᠡᠨ ᠪᠥᠭᠡᠳ ᠬᠤᠶᠢᠰᠢᠳᠠ ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ ᠴᠢᠩᠭ᠎ᠠ ᠵᠢᠷᠤᠮᠯᠠᠵᠤ᠂ ᠠᠮᠤᠷ ᠲᠦᠪᠰᠢᠨ ᠪᠥᠭᠡᠳ ᠪᠣᠯᠪᠠᠰᠤᠨ ᠢᠶᠠᠷ ᠭᠠᠳᠠᠭᠰᠢ ᠶᠠᠪᠤᠬᠤ ᠬᠡᠷᠡᠭᠲᠡᠶ ᠭᠡᠵᠡᠢ᠃
         ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号