ᠰᠢᠩ ᠯᠦᠩ ᠭᠤᠳᠤᠮᠵᠢ ᠵᠡᠭᠡᠯᠢ ᠭᠤᠲᠤᠮᠵᠢ ᠶᠢᠨ ᠰᠧ ᠯᠢ ᠶᠢᠩ ᠵᠡᠭᠦᠨ ᠨᠡᠶᠢᠭᠡᠮ ᠲᠣᠭᠤᠷᠢᠭ ︽ᠪᠢᠳᠡᠨ ᠤ ᠪᠠᠶᠠᠷ ᠤᠨ ᠡᠳᠦᠷ · ᠴᠠᠭᠠᠨ ᠰᠠᠷ᠎ᠠ︾ ᠶᠢᠨ ᠭᠤᠣᠯ ᠰᠡᠳᠦᠪᠲᠦ ᠬᠥᠳᠡᠯᠭᠡᠭᠡᠨ ᠦᠷᠨᠢᠭᠦᠯᠪᠡ
ᠨᠡᠶᠢᠲᠡᠯᠡᠭᠰᠡᠨ ᠴᠠᠭ᠄
2024/1/25
     ᠴᠠᠭᠠᠨ ᠰᠠᠷ᠎ᠠ ᠪᠠᠨ ᠤᠭᠲᠤᠬᠤ ᠶᠢᠨ ᠲᠥᠯᠥᠭᠡ᠂ ᠣᠶᠢᠷ᠎ᠠ ᠳᠤ᠂ ᠬᠥᠬᠡᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠢᠦᠶ ᠴᠢᠤᠸᠠᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ ᠢᠦᠶ ᠴᠢᠤᠸᠠᠨ ᠲᠣᠭᠤᠷᠢᠭ ᠤᠨ ᠰᠧ ᠯᠢ ᠶᠢᠩ ᠵᠡᠭᠦᠨ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠲᠠᠢ ᠬᠠᠮᠲᠤᠷᠠᠨ ᠬᠠᠷᠢᠶ᠎ᠠ ᠣᠷᠣᠨ ᠤ ᠪᠠᠨ ᠨᠠᠰᠤᠨ ᠳᠤ ᠥᠯᠥ ᠬᠦᠷᠦᠭᠰᠡᠳ ᠢ ᠵᠣᠬᠢᠶᠠᠨ ᠪᠠᠶᠢᠭᠤᠯᠵᠤ᠂ ᠡᠴᠢᠬᠡ ᠡᠬᠡ ᠦᠷ᠎ᠡ ᠬᠡᠤᠬᠡᠳ ᠤᠨ ᠪᠣᠳᠠᠰ ᠤᠨ ᠪᠤᠰᠤ ᠰᠣᠶᠣᠯ ᠤᠨ ᠥᠪ ᠢ ᠪᠡᠶ᠎ᠡ ᠪᠠᠷ ᠢᠶᠠᠨ ᠣᠶᠢᠯᠠᠭᠠᠬᠤ — ᠴᠠᠭᠠᠰᠤᠨ ᠬᠠᠶᠢᠴᠢᠯᠠᠮᠠᠯ ᠢᠶᠠᠷ ᠴᠠᠭᠠᠨ ᠰᠠᠷ᠎ᠠ ᠪᠠᠨ ᠤᠭᠲᠤᠬᠤ ᠠᠵᠢᠯᠯᠠᠭ᠎ᠠ ᠶᠢ ᠦᠷᠨᠢᠭᠦᠯᠵᠦ᠂ ᠲᠣᠰ ᠤᠳᠠᠭᠠᠨ ᠤ ᠠᠵᠢᠯᠯᠠᠭ᠎ᠠ ᠳᠤ ᠠᠷᠠᠳ ᠤᠨ ᠵᠠᠩ ᠦᠢᠯᠡ ᠶᠢᠨ ᠴᠠᠭᠠᠰᠤᠨ ᠬᠠᠶᠢᠴᠢᠯᠠᠮᠠᠯ ᠤᠨ ᠬᠥᠮᠦᠨ ᠳ᠋ᠦᠩ ᠪᠠᠭᠰᠢ ᠶᠢ ᠤᠷᠢᠵᠤ ᠣᠯᠠᠨ ᠳᠤ ᠬᠢᠴᠢᠶᠡᠯ ᠵᠢᠭᠠᠯᠭᠠᠵᠤ᠂ ᠬᠠᠮᠲᠤ ᠪᠠᠷ ᠴᠠᠭᠠᠨ ᠰᠠᠷ᠎ᠠ ᠪᠠᠨ ᠤᠭᠲᠤᠵᠠᠶ᠃
     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠳ᠋ᠦᠩ ᠪᠠᠭᠰᠢ ᠶᠠᠭᠤᠨ ᠤ ᠡᠮᠦᠨ᠎ᠡ ᠤᠯᠠᠨ ᠳᠤ ᠴᠠᠭᠠᠰᠤᠨ ᠬᠠᠶᠢᠴᠢᠯᠠᠮᠠᠯ ᠤᠨ ᠡᠭᠦᠰᠦᠯ ᠤᠨ ᠲᠡᠦᠬᠡ ᠶᠢ ᠲᠦᠭᠡᠮᠡᠯᠵᠢᠭᠦᠯᠵᠦ᠂ ᠬᠡᠦᠬᠡᠳ ᠤᠨ ᠢᠳᠡᠪᠬᠢᠵᠢᠯ ᠢ ᠳᠠᠶᠢᠴᠢᠯᠠᠬᠤ ᠶᠢᠨ ᠬᠠᠮᠲᠤ ᠲᠠᠶᠢᠯᠪᠤᠷᠢᠯᠠᠭᠰᠠᠨ ᠦᠯᠢᠭᠡᠷ ᠠᠴᠠ ᠥᠨᠥᠳᠦᠷ ᠤᠨ ᠴᠠᠭᠠᠰᠤᠨ ᠬᠠᠶᠢᠴᠢᠯᠠᠮᠠᠯ ᠤᠨ ᠠᠭᠤᠯᠭ᠎ᠠ ᠶᠢ ᠡᠰᠢᠯᠡᠨ ᠭᠠᠷᠭᠠᠪᠠ᠃ ᠳᠠᠷᠠᠭ᠎ᠠ ᠨᠢ ᠴᠠᠭᠠᠰᠤ ᠬᠠᠶᠢᠴᠢᠯᠠᠮᠠᠯ ᠤᠨ ᠠᠵᠢᠯ ᠤᠨ ᠳᠠᠷᠠᠭᠠᠯᠠᠯ ᠢ ᠤᠯᠠᠨ ᠳᠤ ᠵᠢᠭᠠᠪᠠ᠄ ᠴᠠᠭᠠᠰᠤ ᠨᠤᠭᠤᠯᠬᠤ᠂ ᠴᠠᠭᠠᠰᠤ ᠬᠠᠶᠢᠴᠢᠯᠠᠬᠤ᠂ ᠴᠠᠭᠠᠰᠤ ᠶᠢ ᠤᠷᠪᠠᠭᠤᠯᠬᠤ ᠪᠥᠭᠡᠳ ᠥᠪᠡᠷ ᠤᠨ ᠪᠣᠯᠪᠠᠰᠤᠷᠠᠩᠭᠤᠶ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠢᠶᠠᠷ ᠢᠶᠠᠨ ᠥᠩᠭᠡᠷᠡᠭᠰᠡᠨ ᠳᠤ ᠶᠠᠮᠠᠷ ᠴᠤ ᠵᠢᠷᠤᠭ ᠳᠦᠷᠰᠦ ᠦᠭᠡᠢ ᠪᠠᠶᠢᠭᠰᠠᠨ ᠥᠩᠭᠡᠲᠦ ᠴᠠᠭᠠᠰᠤ ᠶᠢ ᠡᠯ᠎ᠡ ᠵᠦᠢᠯ ᠤᠨ ᠵᠢᠷᠤᠭ ᠳᠦᠷᠰᠦ ᠪᠣᠯᠭᠠᠨ ᠬᠠᠶᠢᠴᠢᠯᠠᠪᠠ᠃ ᠪᠢᠴᠢᠬᠠᠨ ᠨᠠᠶᠢᠵᠠ ᠨᠠᠷ ᠪᠠᠭᠰᠢ ᠶᠢᠨ ᠢᠶᠠᠨ ᠠᠯᠬᠤᠮ ᠢ ᠳᠠᠭᠠᠵᠤ᠂ ᠴᠠᠭᠠᠨ ᠰᠠᠷ᠎ᠠ ᠶᠢᠨ ᠠᠭᠤᠷ ᠠᠮᠢᠰᠬᠤᠯ ᠢᠶᠠᠷ ᠥᠳᠬᠡᠨ ᠯᠣᠣ ᠵᠢᠯ ᠤᠨ ᠴᠣᠩᠬᠤᠨ ᠬᠤᠸᠠᠷ᠂ ᠬᠠᠪᠤᠷ ᠥᠰᠥᠭ ᠵᠡᠷᠭᠡ ᠴᠠᠭᠠᠰᠤᠨ ᠬᠠᠶᠢᠴᠢᠯᠠᠮᠠᠯ ᠤᠨ ᠪᠦᠲᠦᠭᠡᠯ ᠢ ᠡᠰᠬᠡᠵᠦ ᠭᠠᠷᠭᠠᠪᠠ᠃ ᠬᠡᠮᠡᠷᠯᠢᠭ ᠪᠠᠭᠯᠠᠭ᠎ᠠ ᠴᠡᠴᠡᠭ ᠤᠳ ᠨᠢ ᠪᠠᠶᠠᠷ ᠪᠠᠭ᠋ᠠᠳᠤᠯ ᠪᠠ ᠪᠠᠶᠠᠷ ᠪᠠᠶᠠᠰᠤᠯ ᠢ ᠳᠠᠮᠵᠢᠭᠤᠯᠵᠤ ᠪᠠᠶᠢᠳᠠᠭ︔ ᠬᠡᠬᠦᠳᠡᠭ ᠳᠦᠭᠦᠷᠡᠩ ︽ᠪᠤᠶᠠᠨ︾᠂ ︽ᠬᠠᠪᠤᠷ︾ ᠭᠡᠬᠦ ᠦᠭᠡ ᠨᠢ ᠢᠷᠡᠬᠦ ᠵᠢᠯ ᠤᠨ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠢᠶᠠᠨ ᠢᠯᠡᠳᠬᠡᠵᠦ ᠪᠠᠶᠢᠳᠠᠭ᠃ ᠴᠠᠭᠠᠰᠤᠨ ᠬᠠᠶᠢᠴᠢᠯᠠᠮᠠᠯ ᠤᠨ ᠪᠦᠲᠦᠭᠡᠯ ᠤᠳ᠂ ᠪᠠᠶᠠᠷ ᠪᠠᠶᠠᠰᠬᠤᠯᠠᠩ ᠲᠠᠢ ᠢᠨᠢᠶᠡᠮᠰᠦᠭᠯᠡᠯ ᠢᠶᠠᠷ ᠬᠠᠮᠤᠭ ᠤᠨ ᠭᠤᠶᠤ ᠰᠠᠶᠢᠬᠠᠨ ᠭᠡᠷᠡᠯ ᠵᠢᠷᠤᠭ ᠤᠳ ᠢ ᠪᠦᠲᠦᠭᠡᠵᠦ᠂ ᠤᠯᠠᠨ ᠢᠶᠠᠷ ᠢᠶᠠᠨ ᠥᠪᠡᠷ ᠤᠨ ᠪᠦᠲᠦᠭᠡᠯ ᠤᠳ ᠢᠶᠠᠨ ᠪᠤᠯᠢᠶᠠᠯᠳᠤᠨ ᠳᠡᠯᠭᠡᠨ ᠦᠵᠡᠭᠦᠯᠵᠦ᠂ ᠪᠠᠶᠠᠷ ᠪᠠᠶᠠᠰᠬᠤᠯᠠᠩ ᠤᠨ ᠲᠠᠭᠤᠨ ᠲᠠᠰᠤᠷᠠᠯᠳᠡ ᠦᠭᠡᠢ ᠪᠢᠯᠬᠠᠨ᠎ᠠ᠃ ᠪᠠᠭᠰᠢ ᠶᠢᠨ ᠢᠶᠠᠨ ᠵᠢᠯᠣᠭᠤᠳᠣᠯᠭ᠎ᠠ ᠳᠣᠤᠷ᠎ᠠ᠂ ᠬᠡᠤᠬᠡᠳ ᠤᠳ ᠥᠪᠡᠷ ᠤᠨ ᠤᠷᠭᠤᠭᠤᠯᠤᠨ ᠪᠣᠳᠣᠯᠲᠠ ᠪᠠᠨ ᠪᠠᠳᠠᠷᠠᠭᠤᠯᠵᠤ᠂ ᠥᠩᠭᠡ ᠪᠤᠳᠤᠭ ᠨᠢ ᠠᠳᠠᠯᠢ ᠥᠬᠡᠶ᠂ ᠳᠦᠷᠰᠦ ᠪᠠᠶᠢᠳᠠᠯ ᠨᠢ ᠠᠳᠠᠯᠢ ᠥᠬᠡᠶ᠂ ᠡᠭᠦᠳᠦᠨ ᠪᠦᠲᠦᠭᠡᠬᠦ ᠴᠢᠳᠠᠪᠤᠷᠢ ᠲᠡᠭᠦᠯᠳᠡᠷ ᠴᠠᠭᠠᠰᠤᠨ ᠬᠠᠶᠢᠴᠢᠯᠠᠮᠠᠯ ᠤᠨ ᠪᠦᠲᠦᠭᠡᠯ ᠤᠳ ᠵᠠᠯᠭᠠᠭ᠎ᠠ ᠵᠠᠯᠭᠠᠭ᠎ᠠ ᠪᠠᠷ ᠨᠡᠶᠢᠲᠡᠯᠡᠭᠳᠡᠪᠡ᠃
     ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠪᠣᠯ ᠦᠨᠳᠦᠰᠦᠲᠡᠨ ᠤ ᠰᠣᠶᠣᠯ ᠤᠨ ᠤᠬᠢ ᠰᠣᠳᠣ ᠪᠠ ᠦᠨᠡᠲᠦ ᠡᠷᠳᠡᠨᠢ ᠮᠥᠨ᠂ ᠲᠡᠷᠡ ᠨᠢ ᠲᠡᠦᠬᠡ ᠶᠢᠨ ᠳᠤᠷᠠᠰᠤᠮᠵᠢ ᠶᠢ ᠠᠴᠢᠶᠠᠯᠠᠵᠤ᠂ ᠰᠣᠶᠣᠯ ᠤᠨ ᠴᠢᠰᠤᠨ ᠰᠤᠳᠠᠰᠤ ᠶᠢ ᠦᠷᠭᠦᠯᠵᠢᠯᠡᠭᠦᠯᠵᠦ ᠪᠠᠶᠢᠳᠠᠭ᠃ ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠬᠡᠤᠬᠡᠳ ᠤᠨ ᠭᠠᠷ ᠬᠥᠳᠡᠯᠬᠦ ᠴᠢᠳᠠᠪᠤᠷᠢ ᠶᠢ ᠪᠣᠯᠪᠠᠰᠤᠷᠠᠭᠤᠯᠤᠭᠰᠠᠨ ᠢᠶᠠᠷ ᠪᠠᠷᠠᠬᠤ ᠥᠬᠡᠶ᠂ ᠨᠠᠩ ᠴᠤ ᠤᠯᠠᠮᠵᠢᠯᠠᠯᠲᠤ ᠰᠣᠶᠣᠯ ᠤᠨ ᠤᠯᠠᠮᠵᠢᠯᠠᠯ ᠢ ᠨᠠᠰᠤᠨ ᠳᠤ ᠥᠯᠥ ᠭᠦᠷᠦᠭᠰᠡᠳ ᠤᠨ ᠦᠢᠯᠡᠳᠦᠯᠭᠡ ᠶᠢᠨ ᠠᠵᠢᠯᠯᠠᠭ᠎ᠠ ᠳᠤ ᠠᠭᠤᠰᠬᠠᠨ ᠣᠷᠣᠭᠤᠯᠵᠤ᠂ ᠲᠡᠳᠡᠨ ᠳᠤ ᠴᠠᠭᠠᠰᠤᠨ ᠬᠠᠶᠢᠴᠢᠯᠠᠮᠠᠯ ᠭᠡᠬᠦ ᠡᠨᠡ ᠬᠦ ᠤᠯᠠᠮᠵᠢᠯᠠᠯᠲᠤ ᠤᠷᠠᠯᠢᠭ ᠤᠨ ᠥᠪᠡᠷᠮᠢᠴᠡ ᠷᠢᠳᠢ ᠰᠢᠳᠢ ᠶᠢ ᠮᠡᠳᠡᠷᠡᠭᠦᠯᠵᠦ᠂ ᠡᠭᠦᠨ ᠤ ᠤᠯᠠᠮ ᠢᠶᠠᠷ ᠤᠯᠠᠮᠵᠢᠯᠠᠯᠲᠤ ᠰᠣᠶᠣᠯ ᠤᠨ ᠲᠤᠬᠠᠶ ᠲᠠᠨᠢᠯᠲᠠ ᠶᠢ ᠨᠢ ᠭᠦᠨᠵᠡᠭᠡᠶᠢᠷᠡᠭᠦᠯᠦᠨ᠂ ᠲᠡᠳᠡᠨ ᠢ ᠬᠥᠲᠥᠯᠥᠨ ᠵᠢᠯᠣᠭᠤᠳᠴᠤ ᠪᠠᠶᠢᠭᠠᠳ ᠨᠠᠩ ᠣᠯᠠᠨ ᠡᠷᠡᠭᠦᠯ ᠥᠭᠡᠳᠡᠷᠬᠡᠭ ᠳᠤᠷ᠎ᠠ ᠰᠣᠨᠢᠷᠬᠠᠯ ᠲᠠᠢ ᠪᠣᠯᠭᠠᠭᠰᠠᠨ ᠪᠠᠶᠢᠨ᠎ᠠ᠃
     ᠳᠠᠷᠠᠭ᠎ᠠ ᠠᠯᠬᠤᠮ ᠳᠤ᠂ ᠢᠦᠶ ᠴᠢᠤᠸᠠᠨ ᠲᠣᠭᠤᠷᠢᠭ ᠤᠨ ᠰᠧ ᠯᠢ ᠶᠢᠩ ᠵᠡᠭᠦᠨ ᠨᠡᠶᠢᠭᠡᠮ ᠲᠣᠭᠤᠷᠢᠭ ᠦᠷᠭᠦᠯᠵᠢᠯᠡᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠥᠷᠲᠡᠭᠡ ᠪᠠᠷ ᠠᠴᠢᠶᠠᠯᠠᠪᠤᠷᠢ ᠪᠣᠯᠭᠠᠵᠤ᠂ ᠨᠡᠶᠢᠭᠡᠮ ᠲᠣᠭᠤᠷᠢᠭ ᠤᠨ ᠰᠣᠶᠣᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠵᠤ᠂ ᠦᠨᠳᠦᠰᠦᠨ ᠱᠠᠲᠤᠨ ᠤ ᠵᠠᠰᠠᠯᠲᠠ ᠪᠠ ᠦᠢᠯᠡᠴᠢᠯᠡᠭᠡᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠣᠯᠠᠨ ᠶᠠᠩᠵᠤ ᠶᠢᠨ᠂ ᠡᠯᠪᠡᠭ ᠪᠠᠶᠠᠯᠢᠭ ᠬᠡᠯᠪᠡᠷᠢ ᠶᠢᠨ ᠠᠵᠢᠯᠯᠠᠭ᠎ᠠ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠨᠠᠰᠤᠨ ᠳᠤ ᠥᠯᠥ ᠭᠦᠷᠦᠭᠰᠡᠳ ᠢ ᠲᠠᠰᠤᠷᠠᠯᠲᠠ ᠥᠬᠡᠶ ᠬᠥᠲᠥᠯᠦᠨ ᠵᠢᠯᠣᠭᠤᠳᠴᠤ ᠤᠮᠠᠷᠠᠲᠤ ᠬᠢᠯᠢ ᠶᠢᠨ ᠰᠣᠶᠣᠯ ᠢ ᠮᠡᠳᠡᠷᠡᠬᠦ ᠰᠡᠳᠬᠢᠯᠭᠡ᠂ ᠬᠠᠷᠢᠶᠠᠯᠠᠭᠳᠠᠬᠤ ᠰᠡᠳᠬᠢᠯᠭᠡ ᠶᠢ ᠪᠤᠢ ᠪᠤᠯᠭᠠᠵᠤ᠂ ᠰᠣᠶᠣᠯ ᠤᠨ ᠢᠲᠡᠭᠡᠯ ᠢ ᠢᠯᠡᠷᠡᠭᠦᠯᠦᠨ᠂ ᠰᠣᠶᠣᠯ ᠢ ᠳᠡᠭᠡᠳᠦᠯᠡᠬᠦ ᠢᠦᠢ ᠴᠢᠤᠸᠠᠨ ᠤ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠣᠶ ᠪᠤᠯᠭᠠᠨ᠎ᠠ᠃            ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ        
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号