ᠢᠦᠶ ᠴᠢᠤᠸᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠴᠠᠭᠠᠨ ᠰᠠᠷ᠎ᠠ ᠠᠴᠠ ᠡᠮᠦᠨᠡᠬᠢ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢ ᠲᠥᠪᠯᠡᠷᠡᠭᠦᠯᠦᠨ ᠥᠷᠨᠢᠭᠦᠯᠪᠡ
ᠨᠡᠶᠢᠲᠡᠯᠡᠭᠰᠡᠨ ᠴᠠᠭ᠄
2024/1/25
     ᠵᠢᠯ ᠤᠨ ᠡᠴᠦᠰ ᠵᠢᠯ ᠤᠨ ᠡᠬᠢᠨ ᠳᠤ ᠶᠡᠷᠦ ᠠᠴᠠ ᠦᠢᠯᠡᠳᠪᠦᠷᠢᠯᠡᠯ ᠤᠨ ᠠᠶᠤᠯᠭᠦᠶ ᠶᠢᠨ ᠠᠳᠡᠯ ᠤᠯᠠᠨ ᠭᠠᠷᠬᠤ ᠬᠤᠭᠤᠴᠠᠭ᠎ᠠ ᠪᠣᠯᠤᠭᠰᠠᠭᠠᠷ ᠢᠷᠡᠭᠰᠡᠨ ᠶᠤᠮ᠃ ᠣᠳᠣᠬᠠᠨ ᠤ ᠪᠠᠶᠢᠳᠠᠯ ᠳᠤ ᠴᠢᠭᠯᠡᠭᠦᠯᠦᠨ᠂ ᠢᠦᠶ ᠴᠢᠤᠸᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠷᠢᠯᠢᠭ ᠣᠨᠣᠴᠠᠲᠠᠶ ᠪᠠᠷ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠠᠮᠤᠷ ᠲᠦᠪᠰᠢᠨ ᠤ ᠪᠠᠶᠢᠴᠠᠭᠠᠯᠲᠠ ᠪᠠ ᠤᠬᠠᠭᠤᠯᠭ᠎ᠠ ᠶᠢᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠪᠡ᠃
     ᠢᠦᠶ ᠴᠢᠤᠸᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠢᠳᠡᠪᠬᠢᠲᠡᠶ ᠪᠠᠷ ᠬᠠᠷᠢᠶᠠᠲᠤ ᠣᠷᠣᠨ ᠤ ᠰᠣᠶᠣᠯ ᠵᠢᠭᠤᠯᠴᠢᠯᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ ᠵᠡᠷᠭᠡ ᠠᠵᠢᠯ ᠲᠥᠷᠥᠯ ᠤᠨ ᠰᠠᠯᠠᠭ᠎ᠠ ᠮᠥᠴᠢᠷ ᠲᠠᠢ ᠬᠤᠯᠪᠣᠭᠠᠯᠠᠨ ᠲᠤᠰᠬᠠᠶ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠬᠠᠷᠢᠶᠠᠲᠤ ᠣᠷᠣᠨ ᠤ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠣᠷᠣᠨ ᠰᠠᠭᠤᠴᠠ ᠶᠢᠨ ᠬᠤᠷᠢᠶᠠᠯᠠᠯ᠂ ᠵᠤᠭ᠎ᠠ ᠴᠡᠩᠭᠡᠯ ᠤᠨ ᠭᠠᠵᠠᠷ᠂ ᠢᠳᠡᠭᠡᠨ ᠤᠮᠳᠠᠭᠠᠨ ᠤ ᠪᠠᠭᠤᠳᠠᠯ ᠵᠡᠷᠭᠡ ᠬᠥᠮᠦᠨ ᠣᠯᠠᠨ ᠴᠤᠭᠯᠠᠷᠠᠳᠠᠭ ᠲᠠᠯᠠᠪᠤᠷ ᠲᠤ ᠭᠦᠨᠵᠡᠭᠡᠶᠢᠷᠡᠨ ᠬᠢᠨᠠᠯᠲᠠ ᠪᠠᠶᠢᠴᠠᠭᠠᠯᠲᠠ ᠦᠷᠨᠢᠭᠦᠯᠪᠡ᠃
     ᠪᠠᠶᠢᠴᠠᠭᠠᠬᠤ ᠳᠤᠭᠤᠶᠢᠯᠠᠩ ᠤᠨ ᠬᠢᠨ ︽ᠨᠢᠭᠡᠴᠢ ᠶᠢ ᠣᠷᠬᠢᠭᠳᠠᠭᠤᠯᠬᠤ ᠦᠭᠡᠶ᠂ ᠲᠠᠯᠠᠪᠤᠷ ᠭᠠᠵᠠᠷ ᠢ ᠣᠷᠬᠢᠭᠳᠠᠭᠤᠯᠬᠤ ᠦᠭᠡᠶ᠂ ᠣᠷᠣᠨ ᠪᠠᠶᠢᠷᠢ ᠶᠢ ᠣᠷᠬᠢᠭᠳᠠᠭᠤᠯᠬᠤ ᠦᠭᠡᠶ᠂ ᠳᠠᠯᠳᠠ ᠭᠡᠮ ᠢ ᠣᠷᠬᠢᠭᠳᠠᠭᠤᠯᠬᠤ ᠦᠭᠡᠶ ︾ ᠪᠠᠶᠢᠬᠤ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠨᠢᠭᠡᠴᠢ ᠲᠠᠯᠠᠪᠤᠷ ᠭᠠᠵᠠᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ᠂ ᠭᠠᠯ ᠤᠨᠲᠠᠷᠠᠭᠠᠬᠤ ᠪᠡᠯᠡᠳᠬᠡᠮᠵᠢ ᠶᠢ ᠬᠠᠮᠠᠭᠠᠯᠠᠨ ᠠᠵᠢᠯᠯᠠᠭᠤᠯᠬᠤ᠂ ᠭᠠᠯ ᠰᠡᠷᠭᠡᠶᠢᠯᠡᠬᠦ ᠲᠣᠭᠤᠷᠢᠨ ᠪᠠᠶᠢᠴᠠᠭᠠᠬᠤ᠂ ᠠᠵᠢᠯᠲᠠᠨ ᠤ ᠵᠢᠵᠢᠭᠦᠷᠯᠡᠨ ᠰᠠᠬᠢᠬᠤ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠲᠠᠷᠬᠠᠭᠠᠬᠤ ᠵᠠᠮ᠂ ᠠᠮᠤᠷ ᠲᠦᠪᠰᠢᠨ ᠭᠠᠷᠬᠤ ᠡᠭᠦᠳᠡ ᠰᠠᠭᠠᠳ ᠥᠬᠡᠶ ᠨᠡᠪᠲᠡᠷᠡᠬᠦ ᠡᠰᠡᠬᠦ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠲᠣᠭᠲᠠᠭᠠᠯ ᠠᠴᠠ ᠵᠥᠷᠢᠴᠡᠨ ᠵᠣᠭᠰᠣᠭᠠᠭᠰᠠᠨ ᠡᠰᠡᠬᠦ᠂ ᠭᠠᠯ ᠤᠨᠲᠠᠷᠠᠭᠠᠬᠤ ᠡᠵᠡᠮᠳᠡᠯ ᠤᠨ ᠲᠠᠰᠤᠭ ᠤᠨ ᠲᠦᠷᠢᠮ ᠢ ᠨᠠᠶᠢᠳᠠᠪᠤᠷᠢᠵᠢᠭᠤᠯᠤᠭᠰᠠᠨ ᠪᠠ ᠠᠵᠢᠯᠯᠠᠭᠤᠯᠬᠤ ᠠᠵᠢᠯᠲᠠᠨ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠤᠭᠰᠠᠨ᠂ ᠲᠠᠯᠠᠪᠤᠷ ᠭᠠᠵᠠᠷ ᠤᠨ ᠰᠢᠲᠠᠮᠠᠬᠠᠶ ᠬᠡᠶ ᠶᠢᠨ ᠬᠡᠷᠡᠭᠯᠡᠯᠲᠡ ᠵᠢᠷᠤᠮᠵᠢᠯ ᠳᠤ ᠨᠡᠶᠢᠴᠡᠬᠦ ᠡᠰᠡᠬᠦ ᠵᠡᠷᠭᠡ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠬᠤ ᠬᠡᠷᠡᠭᠲᠡᠶ᠃ ᠪᠠᠰᠠ ᠲᠤᠬᠠᠶ ᠶᠢᠨ ᠲᠠᠯᠠᠪᠤᠷ ᠲᠤ ᠵᠢᠵᠢᠭᠦᠷᠯᠡᠭᠴᠢ ᠪᠠ ᠠᠵᠢᠯᠲᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠴᠢᠳᠠᠪᠤᠷᠢ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ ᠪᠣᠳᠠᠲᠠᠶ ᠠᠵᠢᠯᠯᠠᠭᠠᠨ ᠳᠤ ᠰᠤᠭᠤᠴᠢᠨ ᠪᠠᠶᠢᠴᠠᠭᠠᠯᠲᠠ ᠬᠢᠵᠡᠶ᠃
     ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠬᠤ ᠳᠤᠭᠤᠶᠢᠯᠠᠩ ᠤᠨ ᠬᠢᠨ ᠲᠤᠬᠠᠶ ᠶᠢᠨ ᠲᠠᠯᠠᠪᠤᠷ ᠲᠤᠨᠢ ᠵᠠᠯᠠᠷᠠᠭᠤᠯᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠰᠠᠨᠠᠯ ᠥᠭᠴᠦ᠂ ᠨᠢᠭᠡᠴᠢ ᠶᠢᠨ ᠬᠠᠷᠢᠭᠤᠴᠠᠯᠭᠠᠲᠠᠨ ᠢ ᠵᠠᠷᠯᠢᠭᠳᠠᠵᠤ ᠪᠠᠶᠢᠭᠠᠳ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠨ᠂ ᠡᠯ᠎ᠡ ᠲᠥᠷᠥᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠡᠮ ᠰᠣᠭᠤᠭ ᠢ ᠡᠷᠡᠰ ᠠᠷᠢᠯᠭᠠᠪᠠ᠃
     ᠪᠠᠶᠢᠴᠠᠭᠠᠯᠲᠠ ᠳᠠᠭᠤᠰᠤᠭᠰᠠᠨ ᠤ ᠳᠠᠷᠠᠭ᠎ᠠ᠂ ᠬᠢᠨᠠᠯᠲᠠ ᠲᠠᠯᠪᠢᠭᠴᠢ ᠠᠴᠠ ᠡᠯ᠎ᠡ ᠲᠠᠯᠠᠪᠤᠷ ᠤᠨ ᠬᠠᠷᠢᠭᠤᠴᠠᠯᠭᠠᠲᠠᠨ ᠳᠤ ᠭᠤᠷᠪᠠᠨ ᠱᠠᠭᠠᠷᠳᠠᠯᠭ᠎ᠠ ᠳᠤᠷᠠᠳᠴᠠᠶ᠄ ᠨᠢᠭᠡ ᠳᠤ᠂ ᠲᠠᠨᠢᠯᠲᠠ ᠪᠠᠨ ᠳᠡᠭᠡᠭᠰᠢᠯᠡᠭᠦᠯᠵᠦ᠂ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠠᠷᠢᠬᠢ ᠲᠣᠯᠣᠭᠠᠶ ᠪᠠᠨ ᠢᠮᠠᠭᠲᠠ ᠰᠡᠷᠭᠡᠭ ᠪᠠᠶᠢᠯᠭᠠᠵᠤ᠂ ᠭᠠᠯ ᠰᠡᠷᠭᠡᠶᠢᠯᠡᠨ ᠤᠨᠲᠠᠷᠠᠭᠠᠬᠤ ᠠᠶᠤᠯᠭᠦᠶ ᠶᠢᠨ ᠬᠠᠷᠢᠭᠤᠴᠠᠯᠭ᠎ᠠ ᠶᠢᠨ ᠲᠦᠷᠢᠮ ᠢ ᠱᠠᠳᠤ ᠳᠠᠷᠠᠭᠠᠯᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠡᠯ᠎ᠡ ᠠᠵᠢᠯ ᠤᠨ ᠪᠠᠶᠢᠷᠢ ᠶᠢᠨ ᠭᠠᠯ ᠰᠡᠷᠭᠡᠶᠢᠯᠡᠨ ᠤᠨᠲᠠᠷᠠᠭᠠᠬᠤ ᠠᠶᠤᠯᠭᠦᠶ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠡᠳᠦᠷ ᠲᠤᠳᠤᠮ ᠤᠨ ᠭᠠᠯ ᠰᠡᠷᠭᠡᠶᠢᠯᠡᠨ ᠤᠨᠲᠠᠷᠠᠭᠠᠬᠤ ᠠᠶᠤᠯᠭᠦᠶ ᠶᠢᠨ ᠬᠠᠮᠢᠶᠠᠷᠤᠯᠲᠠ ᠶᠢ ᠦᠨᠡᠨ ᠬᠦ ᠴᠢᠩᠭᠠᠳᠬᠠᠬᠤ ᠬᠡᠷᠡᠭᠲᠡᠶ᠃ ᠬᠤᠶᠠᠷ ᠲᠤ ᠲᠣᠭᠤᠷᠢᠨ ᠪᠠᠶᠢᠴᠠᠭᠠᠬᠤ ᠶᠢ ᠨᠠᠶᠢᠳᠠᠪᠤᠷᠢᠵᠢᠭᠤᠯᠵᠤ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ ᠬᠡᠷᠡᠭᠲᠡᠶ᠃ ᠭᠠᠯ ᠤᠨᠲᠠᠷᠠᠭᠠᠬᠤ ᠠᠶᠤᠯᠭᠦᠶ ᠶᠢᠨ ᠬᠠᠮᠢᠶᠠᠷᠤᠯᠲᠠ ᠶᠢᠨ ᠲᠥᠷᠢᠮ ᠪᠣᠯᠤᠨ ᠳᠣᠲᠣᠭᠠᠳᠤ ᠶᠢᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠦᠨᠡᠨ ᠬᠦ ᠬᠦᠴᠦᠨ ᠲᠡᠭᠦᠯᠳᠡᠷ ᠠᠷᠭ᠎ᠠ ᠬᠡᠮᠵᠢᠶ᠎ᠡ ᠠᠪᠴᠤ᠂ ᠭᠠᠯ ᠤᠨ ᠠᠶᠤᠯ ᠤᠨ ᠲᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠢᠳᠡᠪᠬᠢᠲᠡᠶ ᠰᠠᠶᠢᠲᠤᠷ ᠬᠢᠵᠦ᠂ ᠭᠠᠯ ᠤᠨ ᠠᠶᠤᠯ ᠤᠨ ᠠᠳᠡᠯ ᠭᠠᠷᠬᠤ ᠶᠢ ᠠᠯᠢ ᠴᠢᠳᠠᠬᠤ ᠪᠠᠷ ᠰᠡᠷᠭᠡᠶᠢᠯᠡᠬᠦ ᠪᠠ ᠪᠠᠭᠠᠰᠬᠠᠬᠤ ᠬᠡᠷᠡᠭᠲᠡᠶ᠃ ᠭᠤᠷᠪᠠ ᠳᠤ ᠭᠠᠯ ᠤᠨᠲᠠᠷᠠᠭᠠᠬᠤ ᠤᠬᠠᠭᠤᠯᠭ᠎ᠠ ᠪᠣᠯᠪᠠᠰᠤᠷᠠᠭᠤᠯᠤᠯ ᠢ ᠴᠢᠩᠭᠠᠷᠠᠭᠤᠯᠵᠤ᠂ ᠠᠵᠢᠯᠯᠠᠵᠤ ᠪᠠᠶᠢᠭ᠎ᠠ ᠬᠥᠮᠦᠰ ᠤᠨ ᠬᠡᠪ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ ᠲᠣᠭᠲᠠᠮᠠᠯ ᠬᠤᠭᠤᠴᠠᠭ᠎ᠠ ᠲᠠᠢ ᠪᠠᠷ ᠠᠵᠢᠯᠲᠠᠳ ᠢ ᠵᠣᠬᠢᠶᠠᠨ ᠪᠠᠶᠢᠭᠤᠯᠤᠨ ᠠᠮᠤᠷ ᠲᠦᠪᠰᠢᠨ ᠤ ᠪᠣᠯᠪᠠᠰᠤᠷᠠᠯ ᠬᠢᠯᠭᠡᠵᠦ᠂ ᠠᠵᠢᠯᠲᠠᠳ ᠤᠨ ᠭᠠᠯ ᠤᠨ ᠭᠠᠮᠰᠢᠭ ᠤᠨ ᠬᠤᠣᠷ ᠬᠥᠨᠥᠭᠡᠯᠲᠦ ᠴᠢᠨᠠᠷ ᠪᠠ ᠴᠢᠬᠤᠯᠠ ᠪᠦᠬᠦᠢ ᠭᠠᠯ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠷᠢᠨ ᠲᠣᠳᠣᠷᠬᠠᠶ ᠣᠶᠢᠯᠠᠭᠠᠬᠤ ᠶᠢ ᠪᠠᠲᠤᠯᠠᠵᠤ᠂ ᠭᠠᠯ ᠤᠨ ᠠᠶᠤᠯ ᠢ ᠮᠡᠳᠡᠭᠦᠯᠬᠦ᠂ ᠠᠩᠬ᠎ᠠ ᠡᠭᠦᠰᠦᠭᠰᠡᠨ ᠭᠠᠯ ᠢ ᠤᠨᠲᠠᠷᠠᠭᠠᠬᠤ᠂ ᠳᠣᠲᠣᠭᠠᠳᠤ ᠶᠢᠨ ᠠᠵᠢᠯᠲᠠᠳ ᠢᠶᠠᠨ ᠲᠠᠷᠬᠠᠭᠠᠨ ᠠᠮᠢ ᠵᠢᠭᠤᠲᠠᠬᠤ ᠵᠡᠷᠭᠡ ᠦᠨᠳᠦᠰᠦᠨ ᠴᠢᠳᠠᠪᠤᠷᠢ ᠶᠢ ᠡᠵᠡᠮᠰᠢᠵᠦ᠂ ᠭᠠᠯ ᠤᠨ ᠠᠶᠤᠯ ᠭᠠᠷᠤᠮᠠᠭᠴᠠ ᠴᠠᠭ ᠲᠤᠬᠠᠶ ᠳᠤᠨᠢ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠶ᠃
     ᠲᠠᠷᠠᠭᠠᠴᠢ ᠶᠢᠨ ᠠᠯᠬᠤᠮ ᠳᠤ᠂ ᠢᠦᠶ ᠴᠢᠤᠸᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠬᠢᠨᠠᠯᠲᠠ ᠲᠠᠯᠪᠢᠵᠤ ᠪᠠᠶᠢᠴᠠᠭᠠᠬᠤ ᠪᠠ ᠭᠠᠯ ᠤᠨᠲᠠᠷᠠᠭᠠᠬᠤ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠷᠢᠶᠠᠲᠤ ᠣᠷᠣᠨ ᠳᠤ ᠣᠷᠣᠰᠢᠵᠤ ᠮᠡᠳᠡᠬᠦ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ᠂ ᠵᠢᠯ ᠤᠨ ᠡᠴᠦᠰ ᠵᠢᠯ ᠤᠨ ᠡᠬᠢᠨ ᠳᠤ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号