ᠢᠦᠶ ᠴᠢᠤᠸᠠᠨ ᠲᠣᠭᠤᠷᠢᠭ ᠤᠨ ᠨᠠᠮ ᠤᠨ ᠬᠤᠷᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠨᠡᠭᠦᠳᠡᠯ ᠨᠠᠮ ᠤᠨ ᠭᠡᠰᠢᠭᠦᠨ ᠤ ᠭᠤᠤᠯ ᠰᠡᠳᠦᠪᠲᠦ ᠬᠥᠮᠦᠵᠢᠯ ᠰᠤᠷᠤᠯᠴᠠᠯᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2024/1/25
     ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ᠂ ᠢᠦᠢ ᠴᠢᠤᠸᠠᠨ ᠲᠣᠭᠤᠷᠢᠭ ᠤᠨ ᠨᠡᠶᠢᠳᠡ 302 ᠨᠡᠭᠦᠳᠡᠯ ᠨᠠᠮ ᠤᠨ ᠭᠡᠰᠢᠭᠦᠨ ᠲᠠᠢ ᠬᠤᠯᠪᠣᠭᠳᠠᠪᠠ᠃ ᠨᠡᠭᠦᠳᠡᠯ ᠨᠠᠮ ᠤᠨ ᠭᠡᠰᠢᠭᠦᠨ ᠤ ᠭᠤᠣᠯ ᠰᠡᠳᠦᠪᠲᠦ ᠬᠥᠮᠦᠵᠢᠯ ᠰᠤᠷᠤᠯᠴᠠᠯᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠥᠯᠥᠭᠡ᠂ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ︽ᠰᠦᠯᠵᠢᠶᠡᠨ ᠭᠠᠳᠠᠭᠤᠷᠬᠢ + ᠰᠦᠯᠵᠢᠶᠡᠨ ᠳᠡᠭᠡᠷ᠎ᠡ ᠳᠠᠭᠠᠵᠤ ᠰᠤᠷᠤᠯᠴᠠᠬᠤ︾᠂ ︽ᠨᠣᠮ ᠪᠢᠴᠢᠭ ᠢᠯᠡᠭᠡᠵᠦ ᠰᠤᠷᠤᠯᠴᠠᠭᠤᠯᠬᠤ︾ ᠵᠡᠷᠭᠡ ᠠᠵᠢᠯᠯᠠᠭ᠎ᠠ ᠶᠢ ᠥᠷᠨᠢᠭᠦᠯᠵᠦ᠂ ᠨᠡᠭᠦᠳᠡᠯ ᠨᠠᠮ ᠤᠨ ᠭᠡᠰᠢᠭᠦᠨ ᠳᠤ ᠭᠤᠣᠯ ᠰᠡᠳᠦᠪᠲᠦ ᠬᠥᠮᠦᠵᠢᠯ ᠤᠨ ᠬᠠᠮᠢᠶ᠎ᠠ ᠪᠦᠬᠦᠢ ᠨᠣᠮ ᠪᠢᠴᠢᠭ᠂ ᠰᠤᠷᠤᠯᠴᠠᠬᠤ ᠮᠠᠲ᠋ᠧᠷᠢᠶᠠᠯ ᠢ ᠬᠦᠷᠭᠡᠵᠦ᠂ ︽ᠭᠡᠷ ᠠᠴᠠ ᠪᠠᠨ ᠭᠠᠷᠬᠤ ᠦᠭᠡᠢ︾ ᠰᠤᠷᠤᠯᠴᠠᠬᠤ ᠬᠢᠴᠢᠶᠡᠯ ᠤᠨ ᠲᠠᠩᠬᠢᠮ ᠢ ᠪᠠᠶᠢᠭᠤᠯᠵᠤ᠂ ᠨᠡᠭᠦᠳᠡᠯ ᠨᠠᠮ ᠤᠨ ᠭᠡᠰᠢᠭᠦᠨ ᠤ ᠤᠯᠤᠰ ᠲᠦᠷᠦ ᠦᠵᠡᠯ ᠰᠠᠨᠠᠭᠠᠨ ᠤ ︽ᠡᠩᠨᠡᠭᠡ ᠠᠴᠠ ᠪᠠᠨ ᠬᠤᠴᠣᠷᠬᠤ ᠦᠭᠡᠢ︾᠂ ᠰᠤᠷᠤᠯᠴᠠᠯᠭ᠎ᠠ ᠬᠥᠮᠦᠵᠢᠯ ︽ᠡᠭᠦᠳᠡ ᠪᠠᠨ ᠬᠠᠭᠠᠬᠤ ᠦᠭᠡᠢ︾ ᠪᠠᠶᠢᠬᠤ ᠶᠢ ᠪᠠᠲᠤᠯᠠᠵᠠᠢ᠃      ︽ᠭᠤᠷᠪᠠᠨ ᠶᠡᠭᠡ ᠪᠠᠲᠤᠯᠠᠭ᠎ᠠ︾ ᠶᠢ ᠰᠠᠶᠢᠲᠤᠷ ᠬᠢᠵᠦ᠂ ᠨᠡᠭᠦᠳᠡᠯ ᠨᠠᠮ ᠤᠨ ᠭᠡᠰᠢᠭᠦᠨ ᠤ ᠭᠤᠣᠯ ᠰᠡᠳᠦᠪᠲᠦ ᠬᠥᠮᠦᠵᠢᠯ ᠢ ᠰᠡᠳᠬᠢᠯ ᠵᠢᠷᠦᠬᠡᠨ ᠳᠡᠭᠡᠨ ᠬᠠᠳᠠᠩᠰᠢᠭᠤᠯᠬᠤ ᠶᠢ ᠦᠨᠡᠨ ᠬᠦ ᠪᠠᠲᠤᠯᠠᠨ᠎ᠠ᠃ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠰᠠᠶᠢᠲᠤᠷ ᠬᠢᠵᠦ᠂ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠭᠤᠷᠬᠢ︾ ᠬᠤᠣᠰ ᠴᠢᠭᠯᠡᠯ ᠢᠶᠠᠷ ᠪᠠᠶᠢᠴᠠᠭᠠᠨ ᠵᠢᠭᠰᠠᠭᠠᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠤᠲᠠᠰᠤ ᠪᠠᠷ ᠰᠤᠷᠪᠤᠯᠵᠢᠯᠠᠬᠤ᠂ ᠸᠢᠴᠠᠲ ᠢᠶᠠᠷ ᠬᠠᠷᠢᠯᠴᠠᠬᠤ᠂ ᠰᠦᠯᠵᠢᠶ᠎ᠡ ᠪᠠᠷ ᠰᠤᠷᠪᠤᠯᠵᠢᠯᠠᠬᠤ ᠪᠠᠷ ᠳᠠᠮᠵᠢᠨ ᠨᠡᠭᠦᠳᠡᠯ ᠨᠠᠮ ᠤᠨ ᠭᠡᠰᠢᠭᠦᠨ ᠲᠠᠢ ᠨᠡᠶᠢᠳᠡ 408 ᠤᠳᠠᠭ᠎ᠠ ᠬᠠᠷᠢᠯᠴᠠᠬᠤ ᠶᠢᠨ ᠬᠠᠮᠲᠤ ᠨᠡᠭᠦᠳᠡᠯ ᠨᠠᠮ ᠤᠨ ᠭᠡᠰᠢᠭᠦᠨ ᠳᠤ ᠪᠠᠶᠢᠳᠠᠯ ᠢ ᠤᠢᠢᠯᠠᠭᠠᠨ ᠳᠠᠩᠰᠠᠯᠠᠵᠤ᠂ ᠡᠬᠡ ᠳᠠᠩᠰᠠ ᠪᠠᠶᠢᠭᠤᠯᠵᠤ᠂ ᠤᠨᠢᠨ ᠳᠡᠭᠡᠷ᠎ᠡ ᠨᠢ ᠬᠥᠳᠡᠯᠦᠩᠭᠦᠢ ᠬᠠᠮᠢᠶᠠᠷᠤᠯᠲᠠ ᠶᠢ ᠪᠡᠶᠡᠯᠡᠭᠦᠯᠵᠦ᠂ ᠪᠤᠢ ᠪᠦᠬᠦᠢ ᠨᠡᠭᠦᠳᠡᠯ ᠨᠠᠮ ᠤᠨ ᠭᠡᠰᠢᠭᠦᠨ ᠤ ᠤᠨᠤᠯ ᠤᠨ ᠰᠤᠷᠤᠯᠴᠠᠯᠭ᠎ᠠ ᠶᠢ ᠪᠦᠬᠦᠨ ᠢ ᠪᠦᠷᠬᠦᠭᠦᠯᠬᠦ ᠶᠢ ᠪᠠᠲᠤᠯᠠᠵᠠᠢ᠃ ᠵᠢᠭᠰᠠᠭᠠᠯ ᠤᠨ ᠭᠠᠵᠠᠷ ᠤᠨ ᠪᠠᠲᠤᠯᠠᠭ᠎ᠠ ᠶᠢ ᠰᠠᠶᠢᠲᠤᠷ ᠬᠢᠵᠦ᠂ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ᠂ ᠨᠠᠮ ᠤᠨ ᠭᠡᠰᠢᠭᠦᠨ ᠤ ᠠᠵᠢᠯᠯᠠᠭᠠᠨ ᠤ ᠲᠠᠰᠤᠭ ᠵᠡᠷᠭᠡ ᠡᠯ᠎ᠡ ᠲᠦᠷᠦᠯ ᠤᠨ ᠨᠠᠮ ᠤᠨ ᠭᠡᠰᠢᠭᠦᠨ ᠤ ᠬᠥᠮᠦᠵᠢᠯ ᠤᠨ ᠵᠢᠭᠰᠠᠭᠠᠯ ᠤᠨ ᠭᠠᠵᠠᠷ ᠢ ᠠᠰᠢᠭᠯᠠᠵᠤ᠂ ᠰᠤᠷᠤᠯᠴᠠᠬᠤ ᠮᠠᠲ᠋ᠧᠷᠢᠶᠠᠯ ᠢ ᠳᠡᠯᠭᠡᠨ ᠲᠠᠯᠪᠢᠬᠤ ᠪᠠᠷ ᠳᠠᠮᠵᠢᠭᠤᠯᠵᠤ᠂ ᠭᠤᠣᠯ ᠰᠡᠳᠦᠪᠲᠦ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠭᠦᠳᠡᠯ ᠨᠠᠮ ᠤᠨ ᠭᠡᠰᠢᠭᠦᠨ ᠤ ︽ᠰᠤᠷᠤᠯᠴᠠᠯᠭ᠎ᠠ ᠬᠥᠮᠦᠵᠢᠯ ᠤᠨ ᠦᠷᠳᠡᠭᠡ︾ ᠶᠢ ᠪᠠᠶᠢᠭᠤᠯᠵᠤ᠂ ᠨᠡᠭᠦᠳᠡᠯ ᠨᠠᠮ ᠤᠨ ᠭᠡᠰᠢᠭᠦᠨ ᠳᠤ ᠰᠤᠷᠤᠯᠴᠠᠯᠭ᠎ᠠ ᠠᠮᠢᠳᠤᠷᠠᠯ ᠰᠣᠯᠢᠯᠴᠠᠭ᠎ᠠ ᠶᠢᠨ ᠨᠡᠭᠡᠭᠡᠯᠲᠡᠲᠦ ᠣᠷᠣᠨ ᠵᠠᠢ ᠬᠠᠩᠭᠠᠪᠠ᠃ ᠵᠣᠯᠭᠠᠭᠤᠯᠬᠤ ᠪᠠᠲᠤᠯᠠᠭ᠎ᠠ ᠶᠢ ᠰᠠᠶᠢᠲᠤᠷ ᠬᠢᠵᠦ᠂ 2023 ᠣᠨ ᠤ 12 ᠳ᠋ᠤᠭᠠᠷ ᠰᠠᠷ᠎ᠠ ᠶᠢᠨ 8 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠪᠣᠯᠤᠨ ᠳᠥᠷᠪᠡᠳ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠬᠠᠮᠲᠤᠷᠠᠨ ᠪᠠᠷᠠᠭᠤᠨ ᠨᠤᠭᠤᠭ᠎ᠠ ᠶᠢᠨ ᠬᠠᠰᠢᠶ᠎ᠠ ᠵᠡᠭᠡᠯᠢ ᠭᠤᠳᠤᠮᠵᠢ ᠶᠢᠨ ᠰᠢᠩ ᠾᠧ ᠶᠤᠸᠠᠨ ᠨᠡᠶᠢᠭᠡᠮ ᠲᠣᠭᠤᠷᠢᠭ ᠲᠤ ᠨᠡᠭᠦᠳᠡᠯ ᠨᠠᠮ ᠤᠨ ᠭᠡᠰᠢᠭᠦᠨ ᠤ ᠬᠤᠯᠪᠣᠭ᠎ᠠ ᠠᠪᠬᠤ ᠥᠷᠲᠡᠭᠡ ᠶᠢᠨ ᠫᠠᠶᠢᠰᠠ ᠰᠡᠬᠦᠬᠦ ᠶᠣᠰᠣᠯᠠᠯ ᠶᠠᠪᠤᠭᠤᠯᠵᠤ᠂ ︽ᠦᠢᠯᠡᠴᠢᠯᠡᠭᠡ + ᠬᠠᠮᠢᠶᠠᠷᠤᠯᠲᠠ︾ ᠶᠢᠨ ᠠᠷᠭ᠎ᠠ ᠬᠡᠯᠪᠡᠷᠢ ᠪᠠᠷ ᠨᠡᠭᠦᠳᠡᠯ ᠨᠠᠮ ᠤᠨ ᠭᠡᠰᠢᠭᠦᠨ ᠤ ᠬᠡᠷᠡᠭᠴᠡᠭᠡ ᠱᠠᠭᠠᠷᠳᠠᠯᠭ᠎ᠠ ᠶᠢ ᠰᠢᠢᠳᠪᠦᠷᠢᠯᠡᠵᠦ᠂ ᠴᠢᠨᠠᠭᠰᠢᠳᠠ ᠨᠡᠭᠦᠳᠡᠯ ᠨᠠᠮ ᠤᠨ ᠭᠡᠰᠢᠭᠦᠨ ᠤ ᠡᠭᠦᠷᠭᠡᠲᠦ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ᠂ ᠬᠠᠷᠢᠶᠠᠯᠠᠭᠳᠠᠬᠤ ᠰᠡᠳᠬᠢᠯᠭᠡ ᠶᠢ ᠬᠥᠭᠵᠢᠭᠡᠵᠦ᠂ ᠨᠡᠭᠦᠳᠡᠯ ᠨᠠᠮ ᠤᠨ ᠭᠡᠰᠢᠭᠦᠨ ᠤ ᠪᠡᠶ᠎ᠡ ᠶᠢᠨ ᠭᠠᠷᠤᠯ ᠢᠶᠠᠨ ᠢᠯᠡᠷᠡᠭᠦᠯᠵᠦ᠂ ᠠᠮᠠᠯᠠᠯᠲᠠ ᠪᠠᠨ ᠭᠦᠢᠴᠡᠳᠬᠡᠵᠦ᠂ ᠬᠤᠶᠠᠷ ᠭᠠᠵᠠᠷ ᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠶᠢ ᠵᠣᠷᠢᠭᠵᠢᠭᠤᠯᠤᠨ᠎ᠠ᠃      ︽ᠬᠤᠶᠠᠷ ᠰᠤᠷᠤᠯᠴᠠᠯᠭ᠎ᠠ ᠶᠢᠨ ᠵᠠᠭᠪᠤᠷ︾ ᠢ ᠤᠷᠠᠨ ᠢᠶᠠᠷ ᠬᠡᠷᠡᠭᠯᠡᠵᠦ᠂ ᠨᠡᠭᠦᠳᠡᠯ ᠨᠠᠮ ᠤᠨ ᠭᠡᠰᠢᠭᠦᠨ ᠤ ᠭᠤᠣᠯ ᠰᠡᠳᠦᠪᠲᠦ ᠬᠥᠮᠦᠵᠢᠯ ᠢ ᠪᠣᠳᠠᠲᠠᠶᠢᠵᠢᠭᠤᠯᠬᠤ ᠶᠢ ᠠᠬᠢᠭᠤᠯᠤᠨ᠎ᠠ᠃ ︽ᠰᠤᠷᠤᠯᠭ᠎ᠠ ᠶᠢ ᠬᠦᠷᠭᠡᠬᠦ︾ ᠶᠢ ᠲᠤᠪᠤᠶᠢᠯᠭᠠᠵᠦ᠂ ᠰᠤᠷᠤᠯᠴᠠᠯᠭ᠎ᠠ ᠶᠢ ᠭᠠᠷ ᠲᠤ ᠪᠠᠷᠢᠭᠳᠠᠮ᠎ᠠ ᠪᠣᠯᠭᠠᠵᠤ᠂ ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ ᠰᠤᠷᠤᠯᠴᠠᠯᠭ᠎ᠠ ᠶᠢᠨ ᠲᠠᠪᠴᠠᠩ᠂ ︽ᠤᠮᠠᠷᠠᠲᠤ ᠬᠢᠯᠢ ᠶᠢᠨ ᠬᠤᠰᠢᠭᠤᠴᠢ︾᠂ ︽ᠢᠦᠢ ᠴᠢᠤᠸᠠᠨ ᠤ ᠨᠠᠮ ᠤᠨ ᠪᠠᠶᠢᠭᠤᠯᠤᠯᠲᠠ︾ ᠭᠡᠬᠦ ᠸᠢᠴᠠᠲ ᠤᠨ ᠤᠯᠠᠨ ᠨᠡᠶᠢᠲᠡ ᠶᠢᠨ ᠳ᠋ᠤᠭᠠᠷ ᠵᠡᠷᠭᠡ ᠰᠢᠨ᠎ᠡ ᠵᠠᠭᠤᠴᠢᠯᠠᠭᠤᠷ ᠤᠨ ᠲᠠᠪᠴᠠᠩ ᠵᠢᠴᠢ ᠰᠦᠯᠵᠢᠶᠡᠨ ᠳᠡᠭᠡᠷ᠎ᠡ ᠡᠳᠦᠷ ᠪᠦᠷᠢ ᠠᠪᠢᠶᠠᠯᠭ᠎ᠠ ᠲᠠᠢ ᠨᠣᠮ ᠪᠣᠯᠤᠨ ᠨᠠᠮ ᠤᠨ ᠬᠢᠴᠢᠶᠡᠯ ᠤᠨ ᠸᠢᠳᠢᠣ᠋ ᠵᠡᠷᠭᠡ ᠶᠢ ᠬᠦᠷᠭᠡᠨ ᠨᠡᠭᠦᠳᠡᠯ ᠨᠠᠮ ᠤᠨ ᠭᠡᠰᠢᠭᠦᠨ ᠤ ᠰᠤᠷᠤᠯᠴᠠᠯᠭ᠎ᠠ ᠶᠢᠨ ︽ᠬᠤᠷᠤᠭᠤᠨ ᠦᠵᠦᠭᠦᠷ ᠤᠨ ᠬᠢᠴᠢᠶᠡᠯ ᠤᠨ ᠲᠠᠩᠬᠢᠮ︾ ᠢ ᠪᠠᠶᠢᠭᠤᠯᠵᠤ᠂ ᠨᠡᠭᠦᠳᠡᠯ ᠨᠠᠮ ᠤᠨ ᠭᠡᠰᠢᠭᠦᠨ ᠢ ᠬᠡᠵᠢᠶ᠎ᠡ ᠬᠠᠮᠢᠭ᠎ᠠ ᠴᠤ ᠰᠤᠷᠤᠯᠴᠠᠭᠤᠯᠵᠤ᠂ ᠰᠤᠷᠤᠯᠴᠠᠯᠭ᠎ᠠ ᠶᠢᠨ ᠠᠯᠬᠤᠮ ᠢ ᠰᠠᠯᠤᠯ ᠦᠭᠡᠢ ᠳᠠᠭᠠᠨ᠎ᠠ᠃ ᠣᠲᠣ ᠪᠣᠯᠲᠠᠯ᠎ᠠ᠂ ᠸᠢᠴᠠᠲ ᠤᠨ ᠪᠦᠯᠦᠭᠯᠡᠯ ᠳᠤ ᠰᠤᠷᠤᠯᠴᠠᠯᠭ᠎ᠠ ᠶᠢᠨ ᠴᠥᠷᠬᠡᠯᠡᠭᠡ ᠶᠢ ᠨᠡᠶᠢᠲᠡ 1179 ᠤᠳᠠᠭ᠎ᠠ ᠳᠠᠮᠵᠢᠭᠤᠯᠤᠨ ᠲᠠᠷᠬᠠᠭᠠᠵᠤ᠂ ᠨᠡᠭᠦᠳᠡᠯ ᠨᠠᠮ ᠤᠨ ᠭᠡᠰᠢᠭᠦᠨ ᠢ ᠪᠦᠬᠦᠨ ᠢ ᠬᠠᠮᠤᠷᠬᠤ ᠶᠢ ᠪᠡᠶᠡᠯᠡᠭᠦᠯᠪᠡ᠃ ︽ᠰᠤᠷᠤᠯᠭ᠎ᠠ ᠶᠢ ᠲᠡᠳᠬᠦᠬᠦ︾ ᠶᠢ ᠴᠢᠬᠤᠯᠠᠴᠢᠯᠠᠵᠤ᠂ ᠬᠠᠷᠢᠯᠴᠠᠨ  ᠰᠤᠷᠤᠯᠴᠠᠵᠤ ᠬᠠᠷᠢᠯᠴᠠᠨ ᠠᠬᠢᠭᠤᠯᠬᠤ ᠶᠢ ᠪᠡᠶᠡᠯᠡᠭᠦᠯᠵᠦ᠂ ︽ᠰᠤᠷᠤᠯᠭ᠎ᠠ ᠶᠢ ᠢᠯᠡᠭᠡᠵᠦ ᠨᠣᠮ ᠪᠢᠴᠢᠭ ᠬᠦᠷᠭᠡᠬᠦ︾ ᠪᠠᠷ ᠳᠠᠮᠵᠢᠭᠤᠯᠤᠨ ᠨᠡᠭᠦᠳᠡᠯ ᠨᠠᠮ ᠤᠨ ᠭᠡᠰᠢᠭᠦᠨ ᠤ ᠨᠣᠮ ᠪᠢᠴᠢᠭ ᠢ ᠭᠦᠢᠴᠡᠳ ᠲᠠᠷᠬᠠᠭᠠᠬᠤ ᠶᠢ ᠪᠠᠲᠤᠯᠠᠬᠤ ᠶᠢᠨ ᠬᠠᠮᠲᠤ ᠨᠡᠭᠦᠳᠡᠯ ᠨᠠᠮ ᠤᠨ ᠭᠡᠰᠢᠭᠦᠨ ᠢ ᠵᠣᠬᠢᠶᠠᠨ ᠪᠠᠶᠢᠭᠤᠯᠤᠨ ᠤᠯᠠᠨ ᠲᠦᠮᠡᠨ ᠤ ᠳᠣᠲᠣᠷ᠎ᠠ ᠰᠤᠷᠤᠯᠴᠠᠭᠰᠠᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠰᠤᠷᠤᠯᠴᠠᠭᠰᠠᠨ ᠣᠯᠤᠯᠲᠠ ᠲᠦᠷᠦᠭᠳᠡᠯ ᠢᠶᠠᠨ ᠬᠤᠪᠢᠶᠠᠯᠴᠠᠵᠤ᠂ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠡᠭᠦᠳᠡᠯ ᠨᠠᠮ ᠤᠨ ᠭᠡᠰᠢᠭᠦᠨ ᠢ ᠥᠷᠭᠡᠨ ᠢᠶᠠᠷ ᠲᠠᠶᠢᠴᠢᠯᠠᠨ ᠭᠤᠣᠯ ᠰᠡᠳᠦᠪᠲᠦ ᠨᠠᠮ ᠤᠨ ᠡᠳᠦᠷ᠂ ᠲᠤᠰᠬᠠᠢ ᠰᠡᠳᠦᠪᠲᠦ ᠨᠠᠮ ᠤᠨ ᠬᠢᠴᠢᠶᠡᠯ ᠪᠠ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ ᠵᠡᠷᠭᠡ ᠬᠡᠯᠪᠡᠷᠢ ᠪᠠᠷ 43 ᠤᠳᠠᠭ᠎ᠠ ᠰᠣᠯᠢᠯᠴᠠᠭᠤᠯᠤᠨ ᠰᠤᠷᠤᠯᠴᠠᠭᠤᠯᠪᠠ᠃      ︽ᠬᠤᠶᠠᠷ ᠵᠦᠢᠯ ᠤᠨ ᠦᠢᠯᠡᠳᠦᠯ︾ ᠢ ᠪᠠᠳᠠᠷᠠᠭᠤᠯᠵᠤ᠂ ᠨᠡᠭᠦᠳᠡᠯ ᠨᠠᠮ ᠤᠨ ᠭᠡᠰᠢᠭᠦᠨ ᠤ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠬᠦ ᠶᠢ ᠠᠬᠢᠭᠤᠯᠤᠨ᠎ᠠ᠃ ᠪᠡᠶᠡᠴᠢ ᠴᠣᠭᠴᠠ ᠶᠢᠨ ᠣᠷᠣᠯᠴᠠᠬᠤ ᠦᠢᠯᠡᠳᠦᠯ ᠢ ᠪᠠᠳᠠᠷᠠᠭᠤᠯᠤᠨ᠂ ᠨᠡᠭᠦᠳᠡᠯ ᠨᠠᠮ ᠤᠨ ᠭᠡᠰᠢᠭᠦᠨ ᠤ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠣᠳᠣᠬᠠᠨ ᠳᠤ ᠨᠢᠭᠡᠨᠲᠡ 11 ᠤᠳᠠᠭ᠎ᠠ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠠᠵᠢᠯᠯᠠᠭ᠎ᠠ ᠶᠢ ᠥᠷᠨᠢᠭᠦᠯᠵᠦ᠂ ᠨᠡᠶᠢᠳᠡ 13 ᠵᠤᠷᠪᠤᠰ ᠰᠠᠨᠠᠯ ᠰᠠᠨᠠᠭᠤᠯᠭ᠎ᠠ ᠶᠢ ᠬᠤᠷᠢᠶᠠᠵᠤ᠂ ᠲᠡᠳᠡᠨ ᠤ ᠲᠤᠰ ᠪᠡᠶ᠎ᠡ ᠶᠢᠨ ᠳᠠᠪᠠᠭᠤᠯᠢᠭ ᠪᠠ ᠣᠨᠴᠠ ᠴᠢᠳᠠᠪᠤᠷᠢ ᠲᠠᠢ ᠪᠠᠨ ᠤᠶᠠᠯᠳᠤᠭᠤᠯᠤᠨ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠨᠤᠲᠤᠭ ᠣᠷᠣᠨ ᠤ ᠪᠠᠨ ᠬᠥᠭᠵᠢᠯᠲᠡ᠂ ᠨᠠᠮ ᠤᠨ ᠡᠭᠦᠷ ᠤᠨ ᠪᠠᠶᠢᠭᠤᠯᠤᠯᠲᠠ ᠪᠠ ᠦᠨᠳᠦᠰᠦᠨ ᠱᠠᠲᠤᠨ ᠤ ᠵᠠᠰᠠᠯᠲᠠ ᠶᠢ ᠲᠦᠯᠬᠢᠨ ᠠᠬᠢᠭᠤᠯᠬᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠪᠣᠯᠭᠠᠨ ᠬᠤᠪᠢᠷᠠᠭᠤᠯᠬᠤ ᠶᠢ ᠬᠥᠲᠥᠯᠥᠨ ᠵᠢᠯᠣᠭᠤᠳᠪᠠ᠃ ᠨᠤᠲᠤᠭ ᠢᠶᠠᠨ ᠲᠡᠳᠬᠦᠬᠦ ᠦᠢᠯᠡᠳᠦᠯ ᠢ ᠪᠠᠳᠠᠷᠠᠭᠤᠯᠵᠤ᠂ ᠨᠡᠭᠦᠳᠡᠯ ᠨᠠᠮ ᠤᠨ ᠭᠡᠰᠢᠭᠦᠨ ᠢ ᠢᠳᠡᠪᠬᠢᠲᠡᠢ ᠪᠠᠷ ᠵᠣᠬᠢᠶᠠᠨ ᠪᠠᠶᠢᠭᠤᠯᠤᠨ ᠨᠤᠲᠤᠭ ᠲᠠᠭᠠᠨ ᠪᠤᠴᠠᠬᠤ ᠶᠠᠷᠢᠯᠴᠠᠬᠤ ᠬᠤᠷᠠᠯ᠂ ᠬᠤᠪᠢᠶᠠᠨ ᠡᠳ᠋ᠯᠡᠬᠦ ᠬᠤᠷᠠᠯ ᠵᠡᠷᠭᠡ ᠳᠤ ᠣᠷᠣᠯᠴᠠᠭᠤᠯᠵᠤ᠂ ᠨᠡᠭᠦᠳᠡᠯ ᠨᠠᠮ ᠤᠨ ᠭᠡᠰᠢᠭᠦᠨ ᠢ ᠬᠦᠳᠦᠯᠦᠨ ᠵᠢᠯᠣᠭᠤᠳᠴᠤ ᠪᠠᠶᠢᠭᠠᠳ ᠰᠠᠶᠢᠨ ᠮᠡᠷᠭᠡᠵᠢᠯ᠂ ᠰᠠᠶᠢᠨ ᠲᠤᠷᠰᠢᠯᠭ᠎ᠠ᠂ ᠰᠠᠶᠢᠨ ᠠᠷᠭ᠎ᠠ ᠶᠢ ᠬᠠᠮᠲᠤᠪᠠᠷ ᠡᠳ᠋ᠯᠡᠭᠦᠯᠵᠦ᠂ ᠲᠡᠳᠡᠨ ᠤ ᠲᠤᠰᠬᠠᠢ ᠮᠡᠷᠭᠡᠵᠢᠯ ᠤᠨ ᠳᠠᠪᠠᠭᠤᠯᠢᠭ ᠢ ᠠᠰᠢᠭᠯᠠᠨ ᠨᠤᠲᠤᠭ ᠤᠨ ᠢᠶᠠᠨ ᠬᠥᠭᠵᠢᠯᠲᠡ ᠶᠢ ᠳᠡᠮᠵᠢᠵᠦ᠂ ᠤᠯᠠᠨ ᠲᠦᠮᠡᠨ ᠢ ᠲᠠᠶᠢᠴᠢᠯᠠᠨ ᠪᠠᠶᠠᠵᠢᠭᠤᠯᠵᠤ᠂ ᠨᠡᠭᠦᠳᠡᠯ ᠨᠠᠮ ᠤᠨ ᠭᠡᠰᠢᠭᠦᠨ ᠤ ᠤᠯᠠᠨ ᠲᠦᠮᠡᠨ ᠳᠤ ᠦᠢᠯᠡᠴᠢᠯᠡᠬᠦ᠂ ᠨᠤᠲᠤᠭ ᠢᠶᠠᠨ ᠲᠡᠳᠬᠦᠬᠦ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠲᠦᠮᠵᠢᠲᠡᠢ ᠨᠢᠭᠲᠠᠷᠠᠭᠤᠯᠪᠠ᠃      ᠢᠦᠢ ᠴᠢᠤᠸᠠᠨ ᠲᠣᠭᠤᠷᠢᠭ ᠤᠨ ᠨᠠᠮ ᠤᠨ ᠬᠤᠷᠢᠶ᠎ᠠ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠠᠪᠤᠴᠠ ᠳᠤ ᠨᠠᠷᠢᠨ ᠬᠢᠨᠠᠮᠠᠭᠠᠢ ᠰᠤᠳᠤᠯᠵᠤ᠂ ᠴᠢᠭᠯᠡᠯ ᠢᠶᠠᠷ ᠬᠦᠴᠦᠯᠡᠵᠦ᠂ ᠨᠡᠭᠦᠳᠡᠯ ᠨᠠᠮ ᠤᠨ ᠭᠡᠰᠢᠭᠦᠨ ᠢ ᠲᠠᠶᠢᠴᠢᠯᠠᠨ ᠤᠨᠤᠯ ᠤᠨ ᠰᠤᠷᠤᠯᠴᠠᠯᠭ᠎ᠠ ᠶᠢ ᠴᠢᠩᠭᠠᠳᠬᠠᠭᠰᠠᠨ ᠢᠶᠠᠷ ᠪᠠᠷᠠᠬᠤ ᠦᠭᠡᠢ ᠪᠠᠰᠠ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠤ ᠬᠤᠭᠤᠷᠣᠨᠳᠣᠬᠢ ᠵᠠᠢ ᠶᠢ ᠤᠯᠠᠮ ᠨᠢᠭᠡ ᠠᠯᠬᠤᠮ ᠣᠶᠢᠷᠠᠲᠤᠭᠤᠯᠵᠤ᠂ ᠨᠡᠭᠦᠳᠡᠯ ᠨᠠᠮ ᠤᠨ ᠭᠡᠰᠢᠭᠦᠨ ᠳᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠦᠨᠡᠨᠬᠦ ᠤᠢᠢᠯᠠᠭᠠᠭᠤᠯᠤᠭᠰᠠᠨ ᠪᠠᠶᠢᠨ᠎ᠠ᠃      ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠡᠭᠦᠳᠡᠯ ᠨᠠᠮ ᠤᠨ ᠭᠡᠰᠢᠭᠦᠨ ᠤ ᠬᠠᠮᠢᠶᠠᠷᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠨᠠᠮ ᠤᠨ ᠰᠢᠨ᠎ᠡ ᠶᠢ ᠡᠭᠦᠳᠬᠦ ᠤᠨᠤᠯ ᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠨᠡᠭᠦᠳᠡᠯ ᠨᠠᠮ ᠤᠨ ᠭᠡᠰᠢᠭᠦᠳ ᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠳᠤ ︽ᠬᠢᠴᠢᠶᠡᠯ ᠠᠴᠠ ᠬᠤᠴᠣᠷᠤᠭᠤᠯᠬᠤ ᠦᠭᠡᠢ︾᠂ ︽ᠡᠩᠨᠡᠭᠡ ᠠᠴᠠ ᠬᠤᠴᠣᠷᠤᠭᠤᠯᠬᠤ ᠦᠭᠡᠢ︾ ᠪᠣᠯᠭᠠᠨ᠎ᠠ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号