ᠤᠢᠢᠷ᠎ᠠ ᠳᠤ᠂ ᠢᠦᠢ ᠴᠢᠤᠸᠠᠨ ᠲᠣᠭᠤᠷᠢᠭ ᠤᠨ ᠲᠤᠬᠤᠢ ᠰᠢᠶᠠᠩ ᠤᠨ ᠡᠷᠡᠭᠦᠯ ᠬᠠᠮᠠᠭᠠᠯᠠᠯ ᠤᠨ ᠬᠤᠷᠢᠶᠠᠨ ᠤ | ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠨ ᠦᠢᠯᠡᠴᠢᠯᠡᠬᠦ ᠪᠦᠯᠬᠦᠮ ᠤᠨ ᠳᠠᠭᠠᠭᠠᠴᠢᠯᠠᠨ ᠬᠤᠯᠪᠤᠭᠠᠯᠠᠬᠤ ᠲᠤᠰᠬᠠᠢ | ᠮᠡᠷᠭᠡᠵᠢᠯᠲᠡᠨ ᠤ ᠨᠢᠭᠡ ᠪᠣᠯᠬᠤ ᠬᠥᠬᠡᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶᠠᠨ ᠤ ᠵᠢᠷᠦᠬᠡ ᠴᠢᠰᠤᠨ | ᠰᠤᠳᠠᠯ ᠤᠨ ᠳᠣᠲᠣᠷ ᠰᠠᠯᠠᠭᠠᠨ ᠤ ᠳᠡᠳ᠋ ᠡᠷᠬᠢᠯᠡᠭᠴᠢ ᠡᠮᠴᠢ ᠸᠠᠩ ᠬᠤᠩ ᠪᠥᠸᠧ ᠢᠦᠢ ᠴᠢᠤᠸᠠᠨ ᠲᠣᠭᠤᠷᠢᠭ ᠤᠨ | ᠪᠠᠭ᠎ᠠ ᠲᠦᠷᠭᠡᠨ ᠭᠤᠤᠯ ᠪᠠᠯᠭᠠᠰᠤᠨ ᠤ ᠮᠤᠯᠤᠨᠲᠠᠢ ᠲᠣᠰᠬᠤᠨ ᠤ ᠠᠷᠠᠳ ᠲᠤ ᠲᠣᠭᠤᠷᠢᠨ ᠡᠮᠴᠢᠯᠡᠬᠦ ︽ | ᠲᠣᠰᠬᠤᠨ ᠳᠤ ᠤᠷᠤᠬᠤ︾ ᠡᠮᠴᠢᠯᠡᠭᠡᠨ ᠤ ᠦᠢᠯᠡᠴᠢᠯᠡᠭᠡ ᠬᠠᠩᠭᠠᠬᠤ ᠪᠠᠷ ᠢᠷᠡᠵᠠᠢ᠃ | | | | | ᠠᠰᠠᠭᠤᠨ ᠣᠨᠣᠰᠢᠯᠠᠬᠤ ᠶᠠᠪᠤᠴᠠ ᠳᠤ᠂ ᠸᠠᠩ ᠬᠤᠩ ᠪᠥᠸᠧ ᠡᠪᠡᠳᠴᠢᠲᠡᠨ ᠤ ᠪᠡᠶ᠎ᠡ ᠶᠢᠨ ᠪᠠᠶᠢᠳᠠᠯ᠂ ᠡᠮ | ᠬᠡᠷᠡᠭᠯᠡᠭᠰᠡᠨ ᠪᠠᠶᠢᠳᠠᠯ ᠪᠠ ᠥᠩᠭᠡᠷᠡᠭᠰᠡᠨ ᠡᠪᠡᠳᠴᠢᠨ ᠤ ᠲᠡᠦᠬᠡ ᠵᠡᠷᠭᠡ ᠶᠢ ᠨᠠᠷᠢᠨ ᠠᠰᠠᠭᠤᠨ ᠯᠠᠪᠯᠠᠵᠤ᠂ | ᠡᠪᠡᠳᠴᠢᠲᠡᠨ ᠳᠤ ᠴᠢᠰᠤᠨ ᠳᠠᠷᠤᠯᠲᠠ ᠶᠢ ᠬᠡᠮᠵᠢᠬᠦ᠂ ᠵᠢᠷᠦᠬᠡ ᠶᠢ ᠴᠢᠩᠨᠠᠨ ᠣᠨᠣᠰᠢᠯᠠᠬᠤ ᠶᠢᠨ ᠬᠠᠮᠲᠤ | ᠡᠪᠡᠳᠴᠢᠲᠡᠨ ᠤ ᠠᠳᠠᠯᠢ ᠪᠤᠰᠤ ᠡᠪᠡᠳᠴᠢᠨ ᠤ ᠪᠠᠶᠢᠳᠠᠯ ᠢ ᠦᠨᠳᠦᠰᠦᠯᠡᠨ ᠡᠮ ᠬᠡᠷᠡᠭᠯᠡᠬᠦ ᠴᠠᠭ ᠪᠠ ᠡᠮ ᠤᠨ | ᠬᠡᠮᠵᠢᠶ᠎ᠡ ᠶᠢ ᠨᠢ ᠲᠤᠬᠢᠷᠠᠭᠤᠯᠪᠠ᠃ ᠲᠣᠰᠬᠤᠨ ᠤ ᠠᠷᠠᠳ᠂ ᠲᠤᠰ ᠤᠳᠠᠭᠠᠨ ᠤ ᠠᠰᠠᠭᠤᠨ ᠣᠨᠣᠰᠢᠯᠠᠭᠰᠠᠨ ᠤ | ᠳᠠᠷᠠᠭ᠎ᠠ᠂ ᠥᠪᠡᠷ ᠤᠨ ᠪᠡᠶ᠎ᠡ ᠶᠢᠨ ᠪᠠᠶᠢᠳᠠᠯ ᠢᠶᠠᠨ ᠨᠡᠩ ᠢᠯᠡᠭᠦᠦ ᠣᠶᠢᠯᠠᠭᠠᠵᠤ᠂ ᠴᠠᠭ ᠲᠤᠬᠠᠢ ᠳᠤᠨᠢ ᠡᠮ ᠬᠡᠷᠡᠭᠯᠡᠬᠦ | ᠪᠤᠶᠤ ᠡᠮᠨᠡᠭᠦᠯᠵᠦ ᠪᠣᠯᠤᠨ᠎ᠠ ᠭᠡᠵᠦ ᠢᠯᠡᠳᠬᠡᠵᠡᠭᠡᠪᠡ᠃ | | | | | ᠲᠤᠬᠤᠢ ᠰᠢᠶᠠᠩ ᠤᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠯᠢ ᠷᠦᠢ ᠶᠢᠨ | ᠲᠠᠨᠢᠯᠴᠠᠭᠤᠯᠤᠭᠰᠠᠨ ᠢᠶᠠᠷ᠂ ᠢᠦᠶ ᠴᠢᠤᠸᠠᠨ ᠲᠣᠭᠤᠷᠢᠭ ᠤᠨ ᠶᠡᠷᠦᠩᠬᠡᠶ ᠡᠮᠨᠡᠯᠭᠡ ᠶᠢᠨ ᠬᠤᠷᠢᠶ᠎ᠠ ᠶᠢᠨ ᠨᠢᠭᠡᠳᠦᠯᠲᠡᠶ | ᠲᠣᠬᠢᠷᠠᠭᠤᠯᠭ᠎ᠠ ᠳᠣᠤᠷ᠎ᠠ᠂ ︽ᠬᠤᠲᠠ — ᠲᠣᠭᠤᠷᠢᠭ — ᠡᠷᠡᠭᠦᠯ ᠬᠠᠮᠠᠭᠠᠯᠠᠯ ᠤᠨ ᠬᠤᠷᠢᠶ᠎ᠠ︾ ᠭᠤᠷᠪᠠᠨ | ᠳᠡᠰ ᠤᠨ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡᠨ ᠤ ᠱᠠᠲᠤᠯᠵᠢᠨ ᠡᠩᠨᠡᠭᠡ ᠶᠢ ᠪᠣᠶ ᠪᠣᠯᠭᠠᠵᠤ᠂ | ᠡᠮᠦᠨᠡᠬᠢ ᠬᠤᠭᠤᠴᠠᠭᠠᠨ ᠳᠤ ᠲᠣᠰᠬᠤᠨ ᠤ ᠠᠷᠠᠳ ᠲᠠᠢ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠪᠠᠷ | ᠳᠠᠮᠵᠢᠭᠤᠯᠤᠨ᠂ ᠡᠪᠡᠳᠴᠢᠲᠡᠨ ᠤ ᠡᠪᠡᠳᠴᠢᠨ ᠦᠵᠡᠭᠦᠯᠬᠦ ᠬᠡᠷᠡᠭᠴᠡᠭᠡ ᠶᠢ ᠨᠠᠷᠢᠯᠢᠭᠵᠢᠭᠤᠯᠪᠠ᠃ ︽ᠲᠤᠰᠬᠠᠶ | ᠮᠡᠷᠭᠡᠵᠢᠯᠲᠡᠨ ᠢᠶᠠᠷ ᠲᠣᠰᠬᠤᠨ ᠤ ᠠᠷᠠᠳ ᠤᠨ ᠭᠡᠷ ᠤᠨ ᠡᠭᠦᠳᠡᠨ ᠳᠤ ᠡᠮ ᠬᠡᠷᠡᠭᠯᠡᠭᠦᠯᠬᠦ ᠵᠢᠯᠣᠭᠤᠳᠣᠯᠭ᠎ᠠ | ᠬᠢᠯᠭᠡᠭᠰᠡᠨ ᠢᠶᠠᠷ ᠲᠣᠰᠬᠤᠨ ᠤ ᠠᠷᠠᠳ ᠤᠨ ᠡᠪᠡᠳᠴᠢᠨ ᠦᠵᠡᠭᠦᠯᠬᠦ ᠳᠤ ᠬᠦᠴᠢᠷᠲᠡᠶ ᠪᠠᠶᠢᠬᠤ ᠠᠰᠠᠭᠤᠳᠠᠯ ᠢ ᠵᠣᠬᠢᠬᠤ | ᠬᠡᠮᠵᠢᠶ᠎ᠡ ᠪᠠᠷ ᠰᠢᠢᠳᠪᠦᠷᠢᠯᠡᠵᠡᠢ︾ ᠭᠡᠵᠦ ᠯᠢ ᠷᠦᠢ ᠬᠡᠯᠡᠪᠡ᠃ | | | | | ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠭᠰᠠᠨ ᠦᠢᠯᠡᠴᠢᠯᠡᠭᠡ ᠨᠢ ᠤᠷᠲᠤ ᠬᠤᠭᠤᠴᠠᠭᠠᠨ ᠤ ᠲᠣᠭᠲᠠᠭᠤᠨ | ᠦᠢᠯᠡᠴᠢᠯᠡᠭᠡᠨ ᠤ ᠬᠠᠷᠢᠴᠠᠭ᠎ᠠ ᠶᠢ ᠪᠠᠶᠢᠭᠤᠯᠵᠤ᠂ ᠭᠡᠷ᠎ᠡ ᠲᠣᠭᠲᠠᠭᠰᠠᠨ ᠡᠲᠡᠭᠡᠳ ᠲᠤ ᠡᠪᠡᠳᠴᠢᠨ ᠦᠵᠡᠭᠦᠯᠬᠦ | ᠲᠣᠬᠢᠷᠠᠮᠵᠢᠲᠠᠶ ᠠᠷᠭ᠎ᠠ ᠵᠠᠮ ᠬᠠᠩᠭᠠᠵᠤ᠂ ᠡᠪᠡᠳᠴᠢᠲᠡᠨ ᠳᠤ ᠬᠤᠶᠠᠳᠤᠭᠠᠷ ᠳᠡᠰ ᠠᠴᠠ ᠳᠡᠭᠡᠭᠰᠢᠬᠢ ᠡᠮᠨᠡᠯᠭᠡ ᠶᠢᠨ | ᠬᠤᠷᠢᠶᠠᠨ ᠤ ᠪᠣᠬᠢᠷᠲᠤᠯ ᠦᠭᠡᠶ ᠡᠮᠨᠡᠯᠭᠡ ᠰᠢᠯᠵᠢᠭᠦᠯᠬᠦ ᠵᠠᠮ ᠭᠠᠷᠭᠠᠵᠤ᠂ ᠬᠥᠮᠦᠨ ᠪᠦᠬᠦᠨ ᠳᠤ ᠦᠨᠳᠦᠰᠦᠨ | ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠡᠳ᠋ᠯᠡᠭᠦᠯᠬᠦ ᠶᠢ ᠪᠡᠶᠡᠯᠡᠭᠦᠯᠬᠦ ᠪᠠᠷ ᠬᠠᠷᠠᠯᠲᠠ ᠪᠣᠯᠭᠠᠵᠤ᠂ ᠬᠡᠷ | ᠪᠦᠯᠢ ᠶᠢᠨ ᠡᠮᠴᠢ ᠶᠢᠨ ᠭᠡᠷ᠎ᠡ ᠲᠣᠭᠲᠠᠨ ᠦᠢᠯᠡᠴᠢᠯᠡᠬᠦ ᠶᠢ ᠰᠦᠪᠡᠭᠴᠢᠯᠡᠨ ᠠᠬᠢᠭᠤᠯᠵᠤ᠂ ᠡᠮᠴᠢᠯᠡᠭᠡ ᠡᠷᠡᠭᠦᠯ | ᠬᠠᠮᠠᠭᠠᠯᠠᠯ ᠤᠨ ᠠᠵᠢᠯ ᠤᠨ ᠭᠤᠤᠯᠳᠠᠯᠭ᠎ᠠ ᠶᠢ ᠳᠣᠷᠣᠭᠰᠢ ᠰᠢᠯᠵᠢᠭᠦᠯᠬᠦ᠂ ᠡᠬᠢ ᠪᠠᠶᠠᠯᠢᠭ ᠢ ᠳᠣᠷᠣᠭᠰᠢ | ᠪᠠᠭᠤᠯᠭᠠᠬᠤ ᠶᠢ ᠠᠬᠢᠭᠤᠯᠤᠨ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠵᠦᠶ ᠵᠣᠬᠢᠰᠲᠠᠶ ᠡᠮᠬᠢ | ᠵᠢᠷᠤᠮ ᠲᠠᠢ ᠪᠠᠷ ᠡᠮᠨᠡᠭᠦᠯᠬᠦ ᠪᠣᠯᠭᠠᠵᠤ᠂ ︽ᠦᠨᠳᠦᠰᠦᠨ ᠱᠠᠲᠤᠨ ᠳᠤ ᠠᠩᠬ᠎ᠠ ᠣᠨᠣᠰᠢᠯᠠᠬᠤ᠂ ᠱᠠᠲᠤ ᠬᠤᠪᠢᠶᠠᠨ | ᠣᠨᠣᠰᠢᠯᠠᠨ ᠡᠮᠨᠡᠬᠦ᠂ ᠬᠤᠤᠰ ᠴᠢᠭᠯᠡᠯ ᠢᠶᠠᠷ ᠰᠢᠯᠵᠢᠭᠦᠯᠦᠨ ᠣᠨᠣᠰᠢᠯᠠᠬᠤ ᠪᠠ ᠡᠮᠨᠡᠨ ᠰᠤᠪᠢᠯᠠᠬᠤ ᠶᠢ ᠨᠢᠭᠡ | ᠴᠣᠠᠠᠴᠠᠵᠢᠭᠤᠯᠬᠤ︾ ᠡᠪᠡᠳᠴᠢᠨ ᠦᠵᠡᠭᠦᠯᠬᠦ ᠪᠠᠶᠢᠷᠢᠰᠢᠯ ᠢ ᠠᠯᠬᠤᠮ ᠠᠯᠬᠤᠮ ᠢᠶᠠᠷ ᠪᠣᠶ ᠪᠣᠯᠭᠠᠨ᠎ᠠ᠃ | | | | | ᠣᠶᠢᠯᠠᠭᠠᠭᠰᠠᠨ ᠢᠶᠠᠷ᠂ ᠲᠤᠬᠤᠢ ᠰᠢᠶᠠᠩ ᠤᠨ ᠡᠷᠡᠭᠦᠯ ᠬᠠᠮᠠᠭᠠᠯᠠᠯ ᠤᠨ ᠬᠤᠷᠢᠶ᠎ᠠ 23 ᠬᠡᠷ ᠪᠦᠯᠢ ᠶᠢᠨ | ᠡᠮᠴᠢ ᠶᠢᠨ ᠦᠢᠯᠡᠴᠢᠯᠡᠭᠡᠨ ᠤ ᠪᠦᠯᠬᠦᠮ ᠢ ᠵᠣᠬᠢᠶᠠᠨ ᠪᠠᠶᠢᠭᠤᠯᠵᠤ᠂ 58 ᠡᠮᠴᠢ ᠰᠤᠪᠢᠯᠠᠭᠴᠢ ᠲᠠᠢ᠂ 9334 | ᠬᠠᠷᠢᠶᠠᠲᠤ ᠣᠷᠣᠨ ᠤ ᠭᠤᠤᠯᠳᠠᠯᠭ᠎ᠠ ᠲᠠᠢ ᠬᠥᠮᠦᠰ ᠲᠠᠢ ᠭᠡᠷ᠎ᠡ ᠲᠣᠭᠲᠠᠭᠰᠠᠨ ᠪᠠᠶᠢᠨ᠎ᠠ᠃ ᠲᠠᠷᠠᠭᠠᠴᠢ ᠶᠢᠨ | ᠠᠯᠬᠤᠮ ᠳᠤ᠂ ᠡᠷᠡᠭᠦᠯ ᠬᠠᠮᠠᠭᠠᠯᠠᠯ ᠤᠨ ᠬᠤᠷᠢᠶ᠎ᠠ ᠰᠠᠷ᠎ᠠ ᠪᠦᠷᠢ 4 ᠤᠳᠠᠭ᠎ᠠ ᠲᠤᠰᠬᠠᠶ ᠮᠡᠷᠭᠡᠵᠢᠯᠲᠡᠨ ᠳᠣᠷᠣᠭᠰᠢ | ᠪᠠᠭᠤᠵᠤ᠂ ᠬᠠᠷᠢᠶ᠎ᠠ ᠣᠷᠣᠨ ᠤ ᠪᠠᠨ 23 ᠲᠣᠰᠬᠤᠨ ᠳᠤ ᠭᠦᠨᠵᠡᠭᠡᠶᠢᠷᠡᠬᠦ ᠶᠢ ᠪᠠᠷᠢᠮᠲᠠᠯᠠᠨ᠂ ᠬᠡᠷ ᠪᠦᠯᠢ ᠶᠢᠨ | ᠡᠮᠴᠢ ᠶᠢᠨ ᠭᠡᠷ᠎ᠡ ᠲᠣᠭᠲᠠᠬᠤ᠂ ᠭᠡᠷ᠎ᠡ ᠭᠦᠢᠴᠡᠳᠭᠡᠬᠦ᠂ ᠬᠠᠷᠢᠭᠤ ᠰᠤᠷᠪᠤᠯᠵᠢᠯᠠᠬᠤ᠂ ᠲᠣᠭᠤᠷᠢᠨ ᠡᠮᠴᠢᠯᠡᠬᠦ | ᠠᠵᠢᠯᠯᠠᠭ᠎ᠠ ᠶᠢ ᠥᠷᠨᠢᠭᠦᠯᠦᠨ᠎ᠡ᠃ | | | | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ |