ᠨᠥᠬᠦᠷᠯᠡᠯ ᠨᠡᠶᠢᠭᠡᠮ ᠲᠣᠭᠤᠷᠢᠭ ᠤᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠦᠷᠦ ᠶᠢᠨ ᠠᠮᠤᠷ ᠲᠦᠪᠰᠢᠨ ᠤ ᠠᠯᠪᠠᠨ ᠬᠡᠷ ᠲᠠᠢ ᠬᠠᠮᠲᠤᠷᠠᠨ ᠬᠦᠴᠢᠷᠳᠡᠯᠲᠡᠢ ᠰᠠᠭᠤᠭᠠᠯᠢ ᠠᠷᠠᠳ ᠢ ᠲᠤᠬᠤᠨᠢᠭᠤᠯᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/1/29
     ᠦᠨᠳᠦᠰᠦᠨ ᠱᠠᠲᠤᠨ ᠤ ᠨᠠᠷᠢᠯᠢᠬᠵᠢᠭᠤᠯᠤᠭᠰᠠᠨ ᠵᠠᠰᠠᠯᠲᠠ ᠶᠢ ᠭᠦᠨᠵᠡᠭᠡᠶᠢᠷᠡᠭᠦᠯᠵᠦ᠂ ᠨᠥᠬᠦᠷᠯᠡᠯ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠵᠠᠰᠠᠯᠲᠠ ᠳᠠᠬᠢ ᠬᠠᠯᠠᠭᠤᠨ ᠳᠤᠯᠠᠭᠠᠨ ᠤ ᠬᠡᠮᠵᠢᠶ᠎ᠡ ᠶᠢ ᠳᠣᠪᠤᠶᠢᠯᠭᠠᠬᠤ ᠶᠢᠨ ᠲᠥᠯᠥᠭᠡ᠂ ᠲᠦᠷᠦᠭᠦᠬᠡᠨ᠂ ᠨᠥᠬᠦᠷᠯᠡᠯ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠥᠷᠲᠡᠭᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠥᠷᠥ ᠶᠢᠨ ᠠᠮᠤᠷ ᠲᠦᠪᠰᠢᠨ ᠤ ᠠᠯᠪᠠᠨ ᠬᠡᠷ ᠲᠠᠢ ᠬᠠᠮᠲᠤᠷᠠᠨ ᠬᠦᠴᠢᠷᠳᠡᠯᠲᠡᠶ ᠰᠠᠭᠤᠭᠠᠯᠢ ᠠᠷᠠᠳ ᠢ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃
     ᠬᠥᠬᠡᠭᠡ ᠡᠪᠦᠯ ᠤᠨ ᠤᠯᠠᠷᠢᠯ ᠳᠤ᠂ ᠨᠡᠶᠢᠭᠡᠮ ᠲᠣᠭᠤᠷᠢᠭ ᠤᠨ ᠳᠣᠲᠣᠭᠠᠳᠤ ᠳᠤ ᠬᠦᠷ ᠬᠥᠭᠵᠢᠶᠡᠨ ᠲᠠᠢ ᠪᠠᠶᠢᠳᠠᠯ ᠢᠯᠡᠷᠡᠪᠡ᠄ ᠠᠵᠢᠯᠲᠠᠳ ᠡᠮᠬᠢ ᠵᠠᠮᠪᠠᠷᠠᠭ᠎ᠠ ᠲᠠᠢ ᠪᠠᠷ ᠤᠷᠤᠭᠰᠢᠯᠠᠨ ᠢᠷᠡᠭᠰᠡᠨ ᠰᠠᠭᠤᠭᠠᠯᠢ ᠠᠷᠠᠳ ᠲᠤ ᠲᠣᠬᠤᠨᠢᠭᠤᠯᠬᠤ ᠪᠣᠳᠠᠰ ᠲᠦᠭᠡᠭᠡᠬᠦ ᠶᠢᠨ ᠬᠠᠮᠲᠤ ᠶᠠᠪᠤᠵᠤ ᠰᠠᠭᠤᠬᠤ ᠳᠤ ᠳᠥᠭᠦᠮ ᠦᠭᠡᠢ ᠰᠠᠭᠤᠭᠠᠯᠢ ᠠᠷᠠᠳ ᠲᠤ ᠴᠠᠭ ᠲᠤᠬᠠᠢ ᠳᠤᠨᠢ ᠬᠠᠪᠰᠤᠷᠤᠯᠭ᠎ᠠ ᠦᠵᠡᠭᠦᠯᠵᠦ᠂ ᠰᠠᠭᠤᠭᠠᠯᠢ ᠠᠷᠠᠳ ᠨᠢᠭᠡᠪᠦᠷᠢ ᠳᠤ ᠴᠥᠮ ᠲᠣᠬᠤᠨᠢᠭᠤᠯᠬᠤ ᠪᠣᠳᠠᠰ ᠤᠯᠭᠤᠬᠤ ᠶᠢ ᠪᠠᠲᠤᠯᠠᠪᠠ︔ ᠨᠡᠶᠢᠭᠡᠮ ᠲᠣᠭᠤᠷᠢᠭ ᠤᠨ ᠺᠠᠳ᠋ᠷᠴᠤᠳ ᠰᠠᠭᠤᠭᠠᠯᠢ ᠠᠷᠠᠳ ᠤᠨ ᠠᠮᠢᠳᠤᠷᠠᠯ ᠤᠨ ᠤᠢᠢᠷ᠎ᠠ ᠶᠢᠨ ᠪᠠᠶᠢᠳᠠᠯ ᠢ ᠢᠳᠡᠪᠬᠢᠲᠡᠶ ᠪᠠᠷ ᠣᠶᠢᠯᠠᠭᠠᠵᠤ᠂ ᠤᠯᠠᠨ ᠤ ᠰᠠᠨᠠᠭᠤᠯᠭ᠎ᠠ ᠪᠠ ᠰᠠᠨᠠᠯ ᠢ ᠨᠠᠷᠢᠨ ᠬᠢᠨᠠᠮᠠᠭᠠᠶ ᠰᠣᠨᠣᠰᠪᠠ᠃
     ᠪᠦᠷᠢᠳᠬᠡᠯ ᠢ ᠦᠨᠳᠦᠰᠦᠯᠡᠪᠡᠯ᠂ ᠲᠣᠰ ᠤᠳᠠᠭᠠᠨ ᠤ ᠠᠵᠢᠯᠯᠠᠭ᠎ᠠ ᠨᠢ ᠬᠦᠴᠢᠷᠳᠡᠯᠲᠡᠶ ᠰᠠᠭᠤᠭᠠᠯᠢ ᠠᠷᠠᠳ ᠲᠤ ᠨᠡᠶᠢᠲᠡ 30 ᠬᠤᠪᠢ ᠭᠤᠯᠢᠷ ᠲᠣᠰᠣᠨ ᠤ ᠲᠣᠬᠤᠨᠢᠭᠤᠯᠬᠤ ᠺᠠᠷᠲ᠂ 50 ᠬᠤᠪᠢ ᠭᠠᠷ ᠪᠣᠭᠴᠣ᠂ 30 ᠬᠤᠪᠢ ᠰᠢᠨ᠎ᠡ ᠵᠢᠯ ᠤᠨ ᠬᠤᠸᠠᠩᠯᠢ ᠲᠦᠭᠡᠭᠡᠨ ᠥᠭᠴᠦ᠂ ᠬᠦᠴᠢᠷᠳᠡᠯᠲᠡᠶ ᠰᠠᠭᠤᠭᠠᠯᠢ ᠠᠷᠠᠳ ᠤᠨ ᠠᠮᠢᠳᠤᠷᠠᠯ ᠤᠨ ᠲᠠᠯ᠎ᠠ ᠪᠠᠷ ᠬᠢ ᠬᠦᠴᠢᠷᠳᠡᠯ ᠢ ᠠᠯᠢ ᠴᠢᠳᠠᠬᠤ ᠪᠠᠷ ᠰᠢᠢᠳᠪᠦᠷᠢᠯᠡᠵᠡᠢ᠃ ᠨᠡᠶᠢᠭᠡᠮ ᠲᠣᠭᠤᠷᠢᠭ ᠪᠣᠯ ᠰᠠᠭᠤᠭᠠᠯᠢ ᠠᠷᠠᠳ ᠤᠨ ᠠᠰᠠᠭᠤᠳᠠᠯ ᠢ ᠰᠢᠢᠳᠪᠦᠷᠢᠯᠡᠬᠦ ᠪᠠᠬᠢᠯᠡᠯᠲᠡ ᠮᠥᠨ᠂ ᠠᠵᠢᠯᠲᠠᠳ ᠪᠣᠯ ᠰᠠᠭᠤᠭᠠᠯᠢ ᠠᠷᠠᠳ ᠤᠨ ᠠᠰᠠᠭᠤᠳᠠᠯ ᠢ ᠰᠢᠢᠳᠪᠦᠷᠢᠯᠡᠬᠦ ᠳᠠᠭᠠᠭᠤᠯᠤᠭᠴᠢ ᠮᠥᠨ᠂ ᠨᠥᠬᠦᠷᠯᠡᠯ ᠨᠡᠶᠢᠭᠡᠮ ᠲᠣᠭᠤᠷᠢᠭ ᠢ ᠨᠠᠩ ᠪᠦᠷᠢᠨ ᠲᠡᠭᠦᠯᠳᠡᠷ ᠵᠠᠰᠠᠬᠤ ᠶᠢᠨ ᠲᠥᠯᠥᠭᠡ ᠠᠵᠢᠯᠲᠠᠨ ᠨᠢᠭᠡᠪᠦᠷᠢ ᠴᠠᠭ ᠢᠮᠠᠭᠲᠠ ᠪᠡᠯᠡᠬᠡᠨ ᠪᠠᠶᠢᠳᠠᠭ᠃
     ᠠᠵᠢᠯᠯᠠᠭ᠎ᠠ ᠲᠡᠭᠦᠰ ᠠᠮᠵᠢᠯᠲᠠ ᠲᠠᠢ ᠲᠡᠭᠦᠰᠦᠭᠰᠡᠨ ᠤ ᠲᠠᠷᠠᠭ᠎ᠠ᠂ ᠠᠵᠢᠯᠲᠠᠳ᠂ ᠨᠡᠶᠢᠭᠡᠮ ᠲᠣᠭᠤᠷᠢᠭ ᠤᠨ ᠬᠦᠴᠢᠷᠳᠡᠯᠲᠡᠢ ᠰᠠᠭᠤᠭᠠᠯᠢ ᠠᠷᠠᠳ ᠲᠤ ᠬᠠᠪᠰᠤᠷᠤᠯᠭ᠎ᠠ ᠦᠵᠡᠭᠦᠯᠬᠦ ᠪᠣᠯ ᠭᠦᠨ ᠭᠦᠨᠵᠡᠭᠡᠢ ᠠᠴᠢ ᠬᠤᠯᠪᠣᠭᠳᠠᠯ ᠲᠠᠢ ᠶᠠᠪᠤᠳᠠᠯ ᠪᠣᠯᠤᠨ᠎ᠠ ᠭᠡᠵᠦ ᠢᠯᠡᠳᠬᠡᠵᠡᠭᠡᠪᠡ᠃ ᠳᠠᠷᠠᠭᠠᠴᠢ ᠶᠢᠨ ᠠᠯᠬᠤᠮ ᠳᠤ᠂ ᠨᠥᠬᠦᠷᠯᠡᠯ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠷᠳᠡᠭᠡ ᠦᠷᠬᠦᠯᠵᠢᠯᠡᠨ ᠴᠢᠷᠮᠠᠶᠢᠵᠤ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠪᠦᠬᠦ ᠲᠠᠯ᠎ᠠ ᠶᠢᠨ᠂ ᠨᠠᠷᠢᠯᠢᠬᠵᠢᠭᠰᠠᠨ᠂ ᠪᠠᠶᠢᠩᠭᠤᠵᠢᠭᠰᠠᠨ᠂ ᠬᠠᠯᠠᠭᠤᠨ ᠳᠤᠯᠠᠭᠠᠨ ᠪᠠ ᠬᠠᠯᠠᠭᠤᠨ ᠰᠡᠳᠬᠢᠯᠭᠡ ᠲᠠᠢ ᠬᠠᠪᠰᠤᠷᠤᠯᠭ᠎ᠠ ᠳᠡᠮᠵᠢᠯᠭᠡ ᠬᠠᠩᠭᠠᠨ᠎ᠠ᠃          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号