ᠢᠦᠶ ᠴᠢᠤᠸᠠᠨ ᠲᠤᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠦᠪ ᠬᠤᠷᠠᠭᠰᠠᠨ ᠴᠠᠰᠤ ᠶᠢ ᠴᠡᠪᠡᠷᠯᠡᠨ ᠵᠥᠭᠡᠭᠡᠪᠦᠷᠢᠯᠡᠬᠦ ᠠᠵᠢᠯ ᠢ ᠬᠦᠴᠦᠲᠡᠶ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/1/29
     ᠲᠦᠭᠵᠢᠷᠡᠯ ᠢ ᠤᠯᠠᠮ ᠨᠢᠭᠡ ᠠᠯᠬᠤᠮ ᠨᠡᠪᠲᠡᠷᠡᠭᠦᠯᠵᠦ᠂ ᠵᠠᠮ ᠤᠨ ᠬᠤᠷᠠᠭᠰᠠᠨ ᠴᠠᠰᠤ ᠶᠢ ᠴᠠᠭ ᠲᠤᠬᠠᠶ ᠳᠤᠨᠢ ᠥᠨᠳᠥᠷ ᠪᠦᠲᠦᠮᠵᠢᠲᠡᠶ ᠪᠠᠷ ᠠᠷᠢᠯᠭᠠᠵᠤ᠂ ᠪᠥᠬᠦ ᠲᠤᠭᠤᠷᠢᠭ ᠤᠨ ᠠᠷᠠᠳ ᠲᠦᠮᠡᠨ ᠤ ᠬᠡᠪ ᠤᠨ ᠦᠢᠯᠡᠳᠪᠦᠷᠢᠯᠡᠯ᠂ ᠠᠮᠢᠳᠤᠷᠠᠯ ᠪᠠ ᠠᠵᠢᠯ ᠤᠨ ᠡᠮᠬᠢ ᠳᠢᠭᠯᠢᠮ ᠢ ᠦᠨᠡᠨᠬᠦ ᠪᠠᠲᠤᠯᠠᠬᠤ ᠶᠢᠨ ᠲᠦᠯᠦᠭᠡ᠂ ᠣᠶᠢᠷ᠎ᠠ ᠶᠢᠨ ᠡᠳᠦᠷ ᠤᠳ ᠲᠤ᠂ ᠢᠦᠶ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠪᠥᠬᠦ ᠲᠠᠯ᠎ᠠ ᠪᠠᠷ ᠴᠢᠩᠭᠠᠳᠬᠠᠵᠤ᠂ ︽ᠳᠠᠷᠦ᠋ᠢᠬᠠᠨ ᠴᠠᠰᠤ ᠤᠷᠤᠪᠠᠯ ᠳᠠᠷᠤᠢ ᠳᠤᠨᠢ ᠴᠡᠪᠡᠷᠯᠡᠬᠦ᠂ ᠤᠷᠢᠳᠠᠪᠠᠷ ᠨᠡᠪᠲᠡᠷᠡᠭᠦᠯᠵᠦ ᠳᠠᠷᠠᠭ᠎ᠠ ᠨᠢ ᠴᠡᠪᠡᠷᠰᠢᠭᠦᠯᠬᠦ︾ ᠠᠵᠢᠯ ᠤᠨ ᠵᠠᠷᠴᠢᠮ ᠶᠣᠰᠣᠭᠠᠷ᠂ ᠬᠤᠷᠠᠭᠰᠠᠨ ᠴᠠᠰᠤ ᠶᠢ ᠴᠡᠪᠡᠷᠯᠡᠨ ᠵᠥᠭᠡᠭᠡᠪᠦᠷᠢᠯᠡᠬᠦ ᠠᠵᠢᠯ ᠢ ᠬᠦᠴᠦᠲᠡᠶ ᠳᠥᠯᠭᠢᠨ ᠠᠬᠢᠭᠤᠯᠵᠤ᠂ ᠲᠣᠰ ᠤᠳᠠᠭᠠᠨ ᠤ ᠴᠠᠰᠤᠨ ᠤ ᠪᠠᠶᠢᠳᠠᠯ ᠢ ᠪᠥᠬᠦ ᠬᠦᠴᠦᠨ ᠢᠶᠠᠷ ᠢᠶᠠᠨ ᠠᠷᠭᠠᠴᠠᠭᠠᠵᠤ ᠪᠠᠶᠢᠨ᠎ᠠ᠃
     ︽ᠬᠥᠬᠡᠬᠤᠲᠠ ᠶᠢᠨ ᠪᠣᠬᠢᠷᠲᠤᠯ ᠦᠭᠡᠶ ᠴᠠᠰᠤ ᠮᠥᠰᠥ ᠠᠷᠢᠯᠭᠠᠬᠤ ᠵᠢᠯᠣᠭᠤᠳᠬᠤ ᠭᠠᠷ ᠠᠪᠤᠯᠭ᠎ᠠ︾ ᠶᠢᠨ ᠲᠣᠭᠲᠠᠭᠠᠯ ᠢ ᠦᠨᠳᠦᠰᠦᠯᠡᠪᠡᠯ᠂ ︽ᠴᠠᠰᠤ ᠵᠣᠭᠰᠣᠭᠰᠠᠨ ᠤ ᠳᠠᠷᠠᠭᠠᠬᠢ ᠭᠤᠷᠪᠠᠨ ᠡᠳᠦᠷ ᠤᠨ ᠳᠣᠲᠣᠷ᠎ᠠ ᠮᠠᠰᠢᠨ ᠲᠡᠷᠭᠡᠨ ᠤ ᠵᠠᠮ ᠤᠨ ᠬᠤᠷᠠᠭᠰᠠᠨ ᠴᠠᠰᠤ ᠶᠢ ᠴᠡᠪᠡᠷᠯᠡᠨ ᠠᠷᠢᠯᠭᠠᠬᠤ ᠬᠡᠷᠡᠭᠲᠡᠶ᠂ ᠪᠤᠰᠤᠳ ᠵᠠᠮ ᠢ ᠴᠠᠰᠤ ᠵᠣᠭᠰᠣᠭᠰᠠᠨ ᠤ ᠳᠠᠷᠠᠭᠠᠬᠢ ᠲᠠᠪᠤᠨ ᠡᠳᠦᠷ ᠤᠨ ᠳᠣᠲᠣᠷ᠎ᠠ ᠴᠡᠪᠡᠷᠯᠡᠨ ᠠᠷᠢᠯᠭᠠᠬᠤ ᠬᠡᠷᠡᠭᠲᠡᠶ᠂ ᠬᠤᠷᠠᠭᠰᠠᠨ ᠴᠠᠰᠤ ᠶᠢ ᠨᠢᠭᠡ ᠭᠠᠷᠠᠭ ᠤᠨ ᠳᠣᠲᠣᠷ᠎ᠠ ᠵᠥᠭᠡᠭᠡᠪᠦᠷᠢᠯᠡᠨ ᠭᠠᠷᠭᠠᠬᠤ ᠬᠡᠷᠡᠭᠲᠡᠶ︾᠃ ᠣᠳᠣᠬᠠᠨ ᠳᠤ᠂ ᠢᠦᠶ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ ᠶᠠᠭ ᠠᠵᠢᠯ ᠢᠶᠠᠨ ᠱᠠᠯᠠᠪᠳᠠᠨ ᠬᠢᠵᠦ᠂ ᠠᠵᠢᠯ ᠤᠨ ᠲᠥᠰᠦᠯ ᠢᠶᠠᠨ ᠠᠮᠢᠳᠤᠯᠢᠭ ᠢᠶᠠᠷ ᠲᠣᠬᠢᠷᠠᠭᠤᠯᠵᠤ᠂ ᠲᠡᠷᠭᠡ ᠪᠣᠯᠤᠨ ᠬᠥᠮᠦᠰ ᠢ ᠪᠦᠲᠦᠮᠵᠢᠲᠡᠶ ᠪᠠᠷ ᠰᠢᠯᠵᠢᠭᠦᠯᠦᠨ ᠴᠤᠭᠯᠠᠭᠤᠯᠵᠤ᠂ ᠭᠤᠣᠯ ᠪᠠ ᠳᠡᠳ᠋ ᠭᠤᠣᠯ ᠵᠠᠮ᠂ ᠵᠡᠭᠡᠯᠢ ᠭᠤᠳᠤᠮᠵᠢ ᠵᠢᠴᠢ ᠭᠤᠣᠯᠳᠠᠯᠭ᠎ᠠ ᠲᠠᠢ ᠣᠷᠣᠨ ᠪᠦᠰᠡ ᠳᠤ ᠴᠢᠭᠯᠡᠭᠦᠯᠦᠨ᠂ ᠶᠡᠭᠡ ᠵᠡᠭᠡᠯᠢ ᠪᠠᠭ᠎ᠠ ᠭᠤᠳᠤᠮᠵᠢ ᠶᠢᠨ ᠵᠠᠮ ᠤᠨ ᠬᠠᠵᠠᠭᠤ ᠪᠠᠷ ᠨᠢᠭᠡᠨᠲᠡ ᠴᠡᠪᠡᠷᠯᠡᠭᠰᠡᠨ ᠬᠤᠷᠠᠭᠰᠠᠨ ᠴᠠᠰᠤ ᠶᠢ ᠤᠪᠤᠭᠠᠯᠠᠵᠤ᠂ ᠨᠡᠯᠢᠶᠡᠳ ᠲᠥᠪᠯᠡᠷᠡᠭᠰᠡᠨ᠂ ᠣᠪᠣᠭᠠᠷᠠᠭᠰᠠᠨ ᠬᠡᠮᠵᠢᠶ᠎ᠡ ᠪᠠᠷ ᠶᠡᠭᠡ ᠬᠤᠷᠠᠭᠰᠠᠨ ᠴᠠᠰᠤ ᠶᠢ ᠪᠣᠯ ᠴᠠᠰᠤ ᠰᠢᠳᠡᠬᠦ ᠮᠠᠰᠢᠨ ᠢᠶᠠᠷ ᠲᠦᠷᠭᠡᠨ ᠭᠠᠳᠠᠭᠰᠢ ᠲᠡᠭᠡᠭᠡᠪᠦᠷᠢᠯᠡᠵᠦ᠂ ᠬᠤᠳᠠ ᠶᠢᠨ ᠵᠠᠮ ᠤᠨ ᠰᠠᠭᠠᠳ ᠦᠭᠡᠢ ᠨᠡᠪᠲᠡᠷᠡᠬᠦ ᠶᠢ ᠬᠠᠮᠤᠭ ᠤᠨ ᠲᠦᠷᠭᠡᠨ ᠬᠤᠷᠳᠤᠴᠠ ᠪᠠᠷ ᠪᠠᠲᠤᠯᠠᠬᠤ ᠶᠢᠨ ᠬᠠᠮᠲᠤ ᠪᠣᠬᠢᠷᠲᠤᠯ ᠦᠭᠡᠢ ᠴᠠᠰᠤ ᠶᠢ ᠤᠢᠢᠷ᠎ᠠ ᠬᠠᠪᠢ ᠳᠠᠬᠢ ᠮᠣᠳᠣᠨ ᠤ ᠨᠦᠭᠡ ᠪᠤᠶᠤ ᠨᠣᠭᠤᠭᠠᠷᠠᠭᠤᠯᠤᠯᠲᠠ ᠶᠢᠨ ᠪᠦᠰᠡᠨ ᠳᠤ ᠬᠠᠶᠠᠵᠤ᠂ ᠵᠠᠮ ᠤᠨ ᠬᠤᠶᠠᠷ ᠬᠠᠵᠠᠭᠤ ᠶᠢᠨ ᠮᠣᠳᠣ ᠶᠢ ᠰᠢᠮᠡᠵᠢᠭᠦᠯᠪᠡ᠃
     ᠡᠨᠡ ᠤᠳᠠᠭ᠎ᠠ ᠶᠢᠨ ᠴᠠᠰᠤ ᠤᠷᠤᠭᠰᠠᠨ ᠴᠠᠭ ᠨᠢ ᠨᠡᠯᠢᠶᠡᠳ ᠣᠷᠳᠣ᠂ ᠴᠠᠰᠤᠨ ᠤ ᠬᠡᠮᠵᠢᠶ᠎ᠡ ᠨᠢ ᠨᠡᠯᠢᠶᠡᠳ ᠶᠡᠭᠡ ᠤᠴᠢᠷ ᠠᠴᠠ ᠢᠦᠶ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ ᠡᠯ᠎ᠡ ᠵᠠᠮ ᠢᠶᠠᠷ ᠦᠷᠭᠦᠯᠵᠢᠯᠡᠨ ᠡᠷᠡᠯᠬᠡᠭᠯᠡᠨ ᠪᠠᠶᠢᠯᠳᠤᠵᠤ᠂ ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ ᠤᠨ ᠬᠢᠨ ᠮᠠᠰᠢᠨᠴᠢᠯᠠᠯᠲᠠ ᠪᠠᠷ ᠴᠠᠰᠤ ᠴᠡᠪᠡᠷᠯᠡᠬᠦ ᠪᠠ ᠬᠥᠮᠦᠨ ᠤ ᠬᠦᠴᠦ ᠪᠠᠷ ᠴᠠᠰᠤ ᠴᠡᠪᠡᠷᠯᠡᠬᠦ ᠶᠢ ᠤᠶᠠᠯᠳᠤᠭᠤᠯᠬᠤ ᠶᠢ ᠦᠷᠭᠦᠯᠵᠢᠯᠡᠨ ᠪᠠᠷᠢᠮᠲᠠᠯᠠᠵᠤ᠂ ᠴᠠᠰᠤ ᠬᠠᠶᠢᠯᠤᠭᠤᠯᠬᠤ ᠪᠠᠷ ᠲᠤᠰᠠᠯᠠᠬᠤ ᠠᠵᠢᠯ ᠤᠨ ᠠᠷᠭ᠎ᠠ ᠬᠡᠯᠪᠡᠷᠢ ᠪᠣᠯᠭᠠᠵᠤ᠂ ᠵᠠᠮ ᠤᠨ ᠬᠤᠷᠠᠭᠰᠠᠨ ᠴᠠᠰᠤ ᠶᠢ ᠭᠠᠳᠠᠭᠰᠢ ᠵᠥᠭᠡᠭᠡᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠴᠠᠭ ᠢ ᠠᠮᠵᠢᠵᠤ᠂ ᠬᠤᠷᠳᠤᠴᠠ ᠶᠢ ᠠᠮᠵᠢᠵᠤ᠂ ᠪᠠᠷᠢᠮᠵᠢᠶ᠎ᠠ ᠶᠢ ᠳᠡᠭᠡᠭᠰᠢᠯᠡᠭᠦᠯᠵᠦ᠂ ᠵᠠᠮ ᠤᠨ ᠴᠠᠰᠤᠨ ᠤ ᠬᠠᠳᠠᠭᠠᠯᠠᠭᠳᠠᠴᠠ ᠶᠢ ᠪᠦᠬᠦ ᠲᠠᠯ᠎ᠠ ᠪᠠᠷ ᠪᠠᠭᠠᠰᠬᠠᠵᠤ᠂ ᠬᠤᠳᠠ ᠶᠢᠨ ᠠᠷᠠᠳ ᠤᠯᠠᠨ ᠳᠤ ᠶᠠᠪᠤᠵᠤ ᠰᠠᠭᠤᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ ᠥᠭᠭᠦᠨ᠎ᠡ᠃
          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号