ᠢᠦᠶ ᠴᠢᠤᠸᠠᠨ ᠲᠣᠭᠤᠷᠢᠭ ᠤᠨ 2023 ᠣᠨ ᠤ ᠪᠥᠬᠦ ᠵᠢᠯ ᠤᠨ ᠭᠤᠤᠯ ᠪᠣᠯᠬᠤ ᠠᠵᠤ ᠠᠬᠤᠶ ᠶᠢᠨ ᠭᠦᠢᠴᠡᠳᠭᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ
ᠨᠡᠶᠢᠲᠡᠯᠡᠭᠰᠡᠨ ᠴᠠᠭ᠄
2024/1/29
     ᠨᠢᠭᠡ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ︵GDP︶      ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠢᠭᠡᠳᠦᠯᠲᠡᠶ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ ᠢᠦᠶ ᠴᠢᠤᠸᠠᠨ ᠲᠣᠭᠤᠷᠢᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠠᠳᠠᠯᠢ ᠬᠤᠭᠤᠴᠠᠭᠠᠨ ᠤ ᠬᠢ ᠠᠴᠠ 9.2% ᠢᠶᠠᠷ ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 7.3% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 13.0% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 7.8% ᠪᠠᠷ ᠨᠡᠮᠡᠭᠳᠡᠪᠡ᠃ ᠭᠤᠷᠪᠠᠨ ᠠᠵᠤ ᠦᠢᠯᠡᠰ ᠤᠨ ᠪᠦᠲᠦᠴᠡ ᠶᠢᠨ ᠬᠠᠷᠢᠴᠠᠯ ᠨᠢ᠄ 1.1᠄ 31.9᠄ 67.0 ᠪᠣᠯᠤᠨ᠎ᠠ᠃ ᠳᠡᠭᠡᠷᠡᠬᠢ ᠨᠡᠮᠡᠭᠳᠡᠯ ᠤᠨ ᠬᠤᠷᠳᠤᠴᠠ ᠨᠢ ᠴᠥᠮ ᠬᠠᠷᠢᠴᠠᠭᠤᠯᠵᠤ ᠪᠣᠯᠬᠤ ᠦᠨ᠎ᠡ ᠶᠢᠨ ᠨᠡᠮᠡᠭᠳᠡᠯ ᠤᠨ ᠬᠤᠷᠳᠤᠴᠠ ᠪᠣᠯᠤᠨ᠎ᠠ᠃      ᠬᠤᠶᠠᠷ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ      2023 ᠣᠨ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 11.2% ᠢᠶᠠᠷ ᠨᠡᠮᠡᠭᠳᠡᠪᠡ᠃      ᠭᠤᠷᠪᠠ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ      2023 ᠣᠨ ᠳᠤ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 34.1% ᠪᠠᠷ ᠨᠡᠮᠡᠭᠳᠡᠪᠡ᠃      ᠲᠦᠷᠪᠡ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ      2023 ᠣᠨ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠠᠳᠠᠯᠢ ᠬᠤᠭᠤᠴᠠᠭᠠᠨ ᠤ ᠬᠢ ᠠᠴᠠ 13.9% ᠪᠠᠷ ᠨᠡᠮᠡᠭᠳᠡᠪᠡ᠃      ᠲᠠᠪᠤ᠂ ᠪᠦᠬᠦ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ      2023 ᠣᠨ ᠳᠤ᠂ ᠪᠦᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 4.9% ᠪᠠᠷ ᠨᠡᠮᠡᠭᠳᠡᠪᠡ᠃       ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号