ᠪᠠᠭ᠎ᠠ ᠲᠦᠷᠭᠡᠨ ᠭᠤᠤᠯ ᠪᠠᠯᠭᠠᠰᠤ᠄ ᠴᠠᠭᠠᠰᠤᠨ ᠬᠠᠶᠢᠴᠢᠯᠠᠮᠠᠯ ᠢᠶᠠᠷ ᠴᠠᠭᠠᠨ ᠰᠠᠷ᠎ᠠ ᠪᠠᠨ ᠤᠭᠲᠤᠵᠤ ᠵᠣᠯ ᠵᠢᠷᠭᠠᠯᠲᠤ ᠵᠢᠯ ᠢᠶᠠᠨ ᠬᠠᠮᠲᠤ ᠪᠠᠷ ᠪᠡᠯᠭᠡᠯᠡᠶ᠎ᠡ
ᠨᠡᠶᠢᠲᠡᠯᠡᠭᠰᠡᠨ ᠴᠠᠭ᠄
2024/1/3
     ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠠᠵᠢᠯᠲᠠᠨ ᠠᠵᠢᠯᠴᠢᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ ᠣᠷᠴᠢᠮᠬᠠᠨ ᠳᠤ ᠪᠠᠭ᠎ᠠ ᠲᠦᠷᠭᠡᠨ ᠭᠤᠤᠯ ᠪᠠᠯᠭᠠᠰᠤᠨ ᠳᠤ ︽ᠴᠠᠭᠠᠰᠤᠨ ᠬᠠᠶᠢᠴᠢᠯᠠᠮᠠᠯ ᠢᠶᠠᠷ ᠴᠠᠭᠠᠨ ᠰᠠᠷ᠎ᠠ ᠪᠠᠨ ᠤᠭᠲᠤᠵᠤ ᠵᠣᠯ ᠵᠢᠷᠭᠠᠯᠲᠤ ᠵᠢᠯ ᠢᠶᠠᠨ ᠬᠠᠮᠲᠤ ᠪᠠᠷ ᠪᠡᠯᠭᠡᠯᠡᠶ᠎ᠡ︾ ᠭᠡᠬᠦ ᠰᠢᠨ᠎ᠡ ᠵᠢᠯ ᠤᠨ ᠴᠠᠭᠠᠰᠤᠨ ᠬᠠᠶᠢᠴᠢᠯᠠᠮᠠᠯ ᠤᠨ ᠠᠵᠢᠯᠯᠠᠭ᠎ᠠ ᠦᠷᠨᠢᠭᠦᠯᠪᠡ᠃
     ᠠᠵᠢᠯᠯᠠᠭ᠎ᠠ ᠶᠢᠨ ᠳᠤᠮᠳᠠ ᠠᠵᠢᠯᠲᠠᠳ ᠴᠠᠭᠠᠰᠤᠨ ᠬᠠᠶᠢᠴᠢᠯᠠᠮᠠᠯ ᠤᠨ ᠦᠨᠳᠦᠰᠦᠨ ᠠᠷᠭ᠎ᠠ ᠪᠠ ᠠᠩᠬᠠᠷᠬᠤ ᠵᠦᠢᠯ ᠢ ᠣᠯᠠᠨ ᠳᠤ ᠲᠠᠶᠢᠯᠪᠤᠷᠢᠯᠠᠨ ᠥᠭᠴᠦ᠂ ᠰᠢᠷᠡᠭᠡᠨ ᠳᠡᠭᠡᠷ᠎ᠡ ᠲᠠᠯᠪᠢᠭᠰᠠᠨ ᠤᠯᠠᠭᠠᠨ ᠴᠠᠭᠠᠰᠤ ᠪᠠ ᠬᠠᠶᠢᠴᠢ ᠪᠠᠷ ᠵᠣᠬᠢᠶᠠᠨ ᠪᠦᠲᠦᠭᠡᠬᠦ ᠶᠢ ᠵᠣᠷᠢᠭᠵᠢᠭᠤᠯᠵᠠᠶ᠃ ᠤᠯᠡᠠ ᠢᠶᠠᠷ ᠢᠶᠠᠨ ᠡᠪᠬᠡᠵᠦ ᠪᠠᠶᠢᠭᠰᠠᠨ ᠠᠴᠠ ᠪᠠᠨ ᠬᠠᠶᠢᠴᠢᠯᠠᠬᠤ ᠪᠣᠯᠲᠠᠯ᠎ᠠ ᠵᠢᠭᠠᠨ ᠰᠤᠷᠭᠠᠯᠲᠠ ᠶᠢᠨ ᠸᠢᠳᠢᠣ᠋ ᠶᠢ ᠲᠡᠭᠠᠵᠦ᠂ ᠥᠪᠡᠷ ᠤᠨ ᠲᠥᠰᠦᠭᠡᠯᠡᠯ ᠢᠶᠠᠨ ᠪᠠᠳᠠᠷᠠᠭᠤᠯᠵᠤ᠂ ᠬᠠᠶᠢᠴᠢ ᠤᠯᠠᠭᠠᠨ ᠴᠠᠭᠠᠰᠤᠨ ᠤ ᠳᠤᠮᠳᠠᠭᠤᠷ ᠰᠦᠯᠵᠢᠯᠳᠦᠵᠦ᠂ ᠨᠢᠭᠡ ᠨᠢᠭᠡ ᠠᠯᠬᠤᠮ ᠢᠶᠠᠷ ᠨᠠᠷᠢᠯᠢᠭ ᠰᠠᠶᠢᠬᠠᠨ ᠵᠢᠷᠤᠭ ᠳᠦᠷᠰᠦ ᠶᠢ ᠬᠠᠶᠢᠴᠢᠯᠠᠵᠤ ᠭᠠᠷᠭᠠᠪᠠ᠃ ᠣᠯᠠᠨ ᠢᠶᠠᠷ ᠢᠶᠠᠨ ᠲᠤᠬᠠᠶ ᠶᠢᠨ ᠲᠠᠯᠠᠪᠠᠶ ᠳᠤ ᠬᠠᠷᠢᠯᠴᠠᠨ ᠶᠠᠷᠢᠯᠴᠠᠵᠤ᠂ ᠬᠠᠷᠢᠯᠴᠠᠨ ᠬᠠᠪᠰᠤᠷᠤᠯᠴᠠᠵᠤ᠂ ᠤᠳᠠᠯ ᠥᠬᠡᠶ ᠶᠠᠩᠵᠤ ᠪᠦᠷᠢ ᠶᠢᠨ ᠬᠡᠯᠪᠡᠷᠢ ᠳᠦᠷᠰᠦ ᠲᠠᠢ᠂ ᠡᠭᠦᠳᠦᠨ ᠪᠦᠲᠦᠭᠡᠬᠦ ᠬᠦᠴᠦᠨ ᠲᠡᠭᠦᠯᠳᠡᠷ ᠴᠠᠭᠠᠰᠤᠨ ᠬᠠᠶᠢᠴᠢᠯᠠᠮᠠᠯ ᠤᠨ ᠪᠦᠲᠦᠭᠡᠯ ᠤᠳ ᠵᠠᠯᠭᠠᠭ᠎ᠠ ᠵᠠᠯᠭᠠᠭ᠎ᠠ ᠪᠠᠷ ᠨᠡᠶᠢᠲᠡᠯᠡᠭᠳᠡᠵᠦ᠂ ᠵᠠᠷᠢᠮ ᠨᠢ ︽ᠬᠠᠪᠤᠷ︾᠂ ᠵᠠᠷᠢᠮ ᠨᠢ ︽ᠴᠠᠰᠤᠨ ᠯᠠᠪᠰᠠ︾᠂ ᠵᠠᠷᠢᠮ ᠨᠢ ︽ᠯᠣᠤ︾ ᠬᠡᠯᠪᠡᠷᠢ ᠲᠠᠢ ᠬᠠᠶᠢᠴᠢᠯᠠᠵᠠᠶ᠂ ᠡᠲᠡᠭᠡᠷ ᠵᠢᠷᠤᠭ ᠳᠦᠷᠰᠦ ᠨᠢ ᠰᠢᠨ᠎ᠡ ᠵᠢᠯ ᠢ ᠤᠭᠲᠤᠬᠤ ᠠᠭᠤᠷ ᠠᠮᠢᠰᠬᠤᠯ ᠢ ᠢᠯᠡᠷᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠣᠯᠠᠨ ᠤ ᠰᠢᠨ᠎ᠡ ᠵᠢᠯ ᠤᠨ ᠰᠠᠶᠢᠨ ᠰᠠᠶᠢᠬᠠᠨ ᠬᠦᠰᠡᠯ ᠢ ᠢᠯᠡᠳᠬᠡᠵᠡᠶ᠃
     ᠲᠣᠰ ᠤᠳᠠᠭᠠᠨ ᠤ ᠠᠵᠢᠯᠯᠠᠭ᠎ᠠ ᠨᠢ ᠣᠯᠠᠨ ᠳᠤ ᠴᠠᠭᠠᠰᠤᠨ ᠬᠠᠶᠢᠴᠢᠯᠠᠮᠠᠯ ᠤᠨ ᠰᠢᠯᠢᠳᠡᠭ ᠠᠷᠠᠳ ᠤᠨ ᠤᠷᠠᠯᠢᠭ ᠢ ᠤᠯᠠᠮ ᠨᠢᠭᠡ ᠠᠯᠬᠤᠮ ᠣᠶᠢᠯᠠᠭᠠᠭᠤᠯᠵᠤ᠂ ᠤᠯᠠᠮᠵᠢᠯᠠᠯᠲᠤ ᠠᠷᠠᠳ ᠤᠨ ᠵᠠᠩ ᠦᠢᠯᠡ ᠶᠢᠨ ᠰᠣᠶᠣᠯ ᠢ ᠪᠠᠳᠠᠷᠠᠭᠤᠯᠬᠤ ᠶᠢᠨ ᠬᠠᠮᠲᠤ ᠪᠠᠶᠠᠷ ᠬᠥᠷ ᠲᠠᠢ ᠥᠯᠵᠡᠶ ᠪᠡᠯᠭᠡ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃
     ᠳᠠᠷᠠᠭᠠᠴᠢ ᠶᠢᠨ ᠠᠯᠬᠤᠮ ᠳᠤ ᠪᠠᠭ᠎ᠠ ᠲᠦᠷᠭᠡᠨ ᠭᠤᠤᠯ ᠪᠠᠯᠭᠠᠰᠤᠨ ᠤ ᠬᠢᠨ ᠣᠯᠠᠨ ᠵᠦᠢᠯ ᠤᠨ ᠬᠡᠯᠪᠡᠷᠢ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠵᠢᠯᠲᠠᠨ ᠠᠵᠢᠯᠴᠢᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠲᠠᠰᠤᠷᠠᠯᠲᠠ ᠦᠭᠡᠶ ᠪᠠᠶᠠᠯᠢᠭᠵᠢᠭᠤᠯᠤᠨ᠂ ᠳᠤᠮᠳᠠᠳᠤ ᠶᠢᠨ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠣᠶᠢᠯᠠᠭᠠᠵᠤ᠂ ᠰᠣᠶᠣᠯ ᠤᠨ ᠢᠲᠡᠭᠡᠯ ᠢ ᠨᠡᠮᠡᠭᠳᠡᠭᠦᠯᠦᠨ᠎ᠡ᠃             ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号