ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠦᠷᠭᠦᠯᠵᠢᠯᠡᠨ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠥᠷᠭᠡᠨ ᠣᠯᠠᠨ ᠺᠠᠳ᠋ᠷ ᠣᠯᠠᠨ ᠲᠦᠮᠡᠨ ᠢ | ᠬᠥᠲᠥᠯᠦᠨ ᠵᠢᠯᠣᠭᠤᠳᠴᠤ ᠪᠠᠶᠢᠭᠠᠳ ᠲᠠᠯᠠᠷᠬᠠᠯ ᠤᠨ ᠰᠡᠳᠬᠢᠯ ᠪᠠ ᠡᠷᠡᠯᠬᠡᠭᠯᠡᠨ ᠤᠷᠤᠭᠰᠢᠯᠠᠬᠤ ᠵᠣᠷᠢᠭ ᠢᠶᠠᠷ | ᠲᠥᠷᠥ ᠶᠢᠨ ᠶᠠᠪᠤᠳᠠᠯ ᠤᠨ ᠬᠤᠷᠢᠶᠠᠨ ᠤ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ | ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠬᠦ ᠲᠤᠬᠠᠶ ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠶᠢᠨ ᠲᠥᠯᠥᠭᠡ᠂ | ᠤᠢᠢᠷ᠎ᠠ ᠳᠤ᠂ ᠢᠦᠢ ᠴᠢᠤᠸᠠᠨ ᠲᠣᠭᠤᠷᠢᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠰᠦᠨ | ᠱᠤ᠋ ᠴᠢᠩ ᠡᠭᠦᠯᠡᠨ ᠳᠤᠮᠳᠠ ᠵᠠᠮ ᠤᠨ ᠣᠷᠣᠨ ᠪᠦᠰᠡ ᠶᠢᠨ ᠦᠢᠯᠡᠴᠢᠯᠡᠭᠡᠨ ᠤ ᠲᠥᠪ ᠲᠤ ᠬᠦᠷᠴᠦ ᠭᠤᠣᠯ | ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠥᠷᠨᠢᠭᠦᠯᠵᠦ᠂ ᠡᠭᠦᠯᠡᠨ ᠳᠤᠮᠳᠠ ᠵᠠᠮ ᠤᠨ ᠣᠷᠣᠨ ᠪᠦᠰᠡ ᠶᠢᠨ | ᠦᠢᠯᠡᠴᠢᠯᠡᠭᠡᠨ ᠤ ᠲᠥᠪ ᠤᠨ ᠨᠠᠮ ᠤᠨ ᠭᠡᠰᠢᠭᠦᠨ ᠺᠠᠳ᠋ᠷ ᠤᠬᠠᠭᠤᠯᠤᠨ ᠲᠠᠶᠢᠯᠪᠤᠷᠢᠯᠠᠬᠤ ᠬᠤᠷᠠᠯ ᠳᠤ ᠣᠷᠣᠯᠴᠠᠪᠠ᠃ | | | | | ᠤᠬᠠᠭᠤᠯᠤᠨ ᠲᠠᠶᠢᠯᠪᠤᠷᠢᠯᠠᠬᠤ ᠳᠠᠭᠠᠨ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ | ᠨᠠᠮ ᠢᠶᠠᠨ ᠳᠠᠭᠠᠬᠤ︾ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ︽ᠲᠠᠪᠤᠨ ᠦᠭᠦᠯᠡᠪᠦᠷᠢ︾ ᠶᠢᠨ | ᠪᠣᠳᠠᠲᠤ ᠶᠠᠪᠤᠳᠠᠯ ᠪᠠ ᠶᠣᠰᠣ ᠤᠴᠢᠷ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠢ ᠬᠠᠶᠢᠷᠠᠯᠠᠨ | ᠬᠠᠯᠠᠮᠵᠢᠯᠠᠵᠤ ᠪᠠᠶᠢᠭ᠎ᠠ ᠬᠦᠨᠳᠦ ᠨᠠᠶᠢᠳᠠᠯᠭ᠎ᠠ᠂ ︽ᠰᠠᠨᠠᠯ︾ ᠤᠨ ᠠᠭᠤᠯᠤᠭᠳᠠᠬᠤᠨ ᠤ ᠵᠣᠷᠢᠭ ᠰᠠᠨᠠᠭ᠎ᠠ᠂ | ᠲᠠᠯᠠᠷᠬᠠᠯ ᠤᠨ ᠰᠡᠳᠬᠢᠯ ᠪᠠ ᠡᠷᠡᠯᠬᠡᠭᠯᠡᠨ ᠤᠷᠤᠭᠰᠢᠯᠠᠬᠤ ᠵᠣᠷᠢᠭ ᠢᠶᠠᠷ ︽ᠰᠠᠨᠠᠯ︾ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠲᠦᠷᠪᠡᠨ ᠲᠠᠯ᠎ᠠ ᠠᠴᠠ ᠭᠦᠨᠵᠡᠭᠡᠢ ᠪᠥᠭᠡᠳ ᠣᠶᠢᠯᠠᠭᠠᠮᠵᠢᠲᠠᠢ᠂ | ᠪᠦᠬᠦ ᠲᠠᠯ᠎ᠠ ᠪᠠᠷ ᠰᠢᠰᠲ᠋ᠧᠮ ᠲᠠᠢ ᠲᠠᠶᠢᠯᠪᠤᠷᠢᠯᠠᠵᠠᠢ᠃ | | | | | ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠳᠠᠭᠤᠰᠤᠭᠰᠠᠨ ᠤ ᠲᠠᠷᠠᠭ᠎ᠠ᠂ ᠤᠯᠠᠨ ᠢᠶᠠᠷ ᠢᠶᠠᠨ ᠶᠡᠭᠡ | ᠣᠯᠤᠯᠲᠠ ᠲᠠᠢ ᠭᠡᠵᠦ᠂ ᠤᠯᠤᠰ ᠲᠦᠷᠦ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠦᠭᠰᠡᠨ ᠪᠥᠭᠡᠳ | ᠬᠤᠶᠢᠰᠢᠳᠠ ᠶᠢᠨ ᠠᠵᠢᠯ ᠠᠮᠢᠳᠤᠷᠠᠯ ᠳᠤᠮᠳᠠ ᠪᠠᠨ ᠤᠨᠤᠯ ᠲᠦᠷᠦ ᠶᠢᠨ ᠪᠤᠳᠤᠯᠭ᠎ᠠ ᠶᠢ ᠢᠳᠡᠪᠬᠢᠲᠡᠢ | ᠰᠠᠨᠠᠭᠠᠴᠢᠯᠠᠭ᠎ᠠ ᠲᠠᠢ ᠪᠠᠷ ᠰᠤᠷᠤᠯᠴᠠᠵᠤ᠂ ᠮᠣᠩᠭᠤᠯ ᠮᠤᠷᠢᠨ ᠤ ᠵᠣᠷᠢᠭ ᠰᠠᠨᠠᠭ᠎ᠠ ᠪᠣᠯᠤᠨ ︽ᠤᠮᠠᠷᠠᠲᠤ ᠶᠢᠨ ᠭᠤᠷᠪᠠᠨ | ᠣᠷᠣᠨ︾ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠰᠤᠷᠤᠯᠴᠠᠯᠭ᠎ᠠ ᠶᠢᠨ ᠳᠤᠮᠳᠠ ᠦᠨᠡᠨᠬᠦ ᠬᠦᠴᠦᠨ | ᠴᠢᠳᠠᠯ ᠢᠶᠠᠨ ᠨᠢᠭᠲᠠᠷᠠᠭᠤᠯᠤᠨ᠎ᠠ᠃ | ᠳᠠᠷᠠᠭᠠᠴᠢ ᠶᠢᠨ ᠠᠯᠬᠤᠮ ᠳᠤ᠂ ᠡᠭᠦᠯᠡᠨ ᠳᠤᠮᠳᠠ ᠵᠠᠮ ᠤᠨ ᠣᠷᠣᠨ ᠪᠦᠰᠡ ᠶᠢᠨ ᠦᠢᠯᠡᠴᠢᠯᠡᠭᠡᠨ ᠤ | ᠲᠥᠪ ᠤᠨ ᠬᠢᠨ ︿ᠲᠠᠪᠤᠨ ᠥᠭᠦᠯᠡᠪᠦᠷᠢ﹀ ᠳᠤ ᠠᠭᠤᠯᠤᠭᠳᠠᠵᠤ ᠪᠠᠶᠢᠭ᠎ᠠ ᠪᠣᠳᠠᠲᠤ ᠶᠠᠪᠤᠳᠠᠯ ᠪᠠ ᠶᠣᠰᠣ ᠤᠴᠢᠷ ᠢ | ᠦᠷᠭᠦᠯᠵᠢᠯᠡᠨ ᠰᠤᠷᠤᠯᠴᠠᠨ ᠣᠶᠢᠯᠠᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠨᠡᠨᠬᠦ ᠤᠶᠤᠨ ᠲᠠᠷᠢᠬᠢᠨ ᠳᠠᠭᠠᠨ ᠬᠠᠳᠠᠩᠰᠢᠭᠤᠯᠵᠤ᠂ | ᠯᠠᠪᠳᠠᠭᠤᠨ ᠪᠠᠲᠤᠲᠠᠢ ᠠᠵᠢᠯᠯᠠᠵᠤ᠂ ᠥᠨᠢ ᠤᠳᠠᠭᠠᠨ ᠴᠢᠷᠮᠠᠶᠢᠨ ᠠᠵᠢᠯᠯᠠᠵᠤ᠂ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠦᠬᠦ ᠲᠠᠯ᠎ᠠ ᠪᠠᠷ ᠪᠢᠴᠢᠭᠯᠡᠬᠦ ᠶᠢᠨ ᠲᠥᠯᠥᠭᠡ | ᠡᠷᠡᠯᠬᠡᠭᠯᠡᠨ ᠤᠷᠤᠭᠰᠢᠯᠠᠨ᠎ᠠ᠃ | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ | |