ᠢᠤᠢ ᠴᠢᠤᠸᠠᠨ ᠲᠤᠭᠤᠷᠢᠭ ᠤᠨ ᠲᠤᠶᠢᠮᠤ ᠪᠠᠶᠢᠳᠠᠯ
ᠨᠡᠶᠢᠲᠡᠯᠡᠭᠰᠡᠨ ᠴᠠᠭ᠄
2024/1/30
     ᠢᠦᠶ ᠴᠢᠤᠸᠠᠨ ᠲᠣᠭᠤᠷᠢᠭ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠪ ᠬᠥᠬᠡᠬᠤᠲᠠ ᠶᠢᠨ ᠡᠭᠦᠰᠦᠭᠰᠡᠨ ᠭᠠᠵᠠᠷ ᠪᠣᠯᠤᠨ᠎ᠠ᠂ 440 ᠭᠠᠷᠤᠶ ᠵᠢᠯ ᠤᠨ ᠲᠡᠦᠬᠡ ᠲᠠᠢ᠂ ᠬᠥᠬᠡᠬᠤᠲᠠ ᠶᠢᠨ ᠲᠣᠭᠤᠷᠢᠭ ᠤᠨ ᠪᠠᠷᠠᠭᠤᠨ ᠡᠮᠦᠨ᠎ᠡ ᠪᠠᠶᠢᠷᠢᠰᠢᠵᠤ᠂ ᠬᠠᠷᠢᠶ᠎ᠠ ᠣᠷᠣᠨ ᠤ ᠶᠡᠷᠦᠩᠬᠡᠶ ᠲᠠᠯᠠᠪᠠᠶ ᠨᠢ 260 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠵᠡᠭᠦᠨ ᠬᠡᠰᠡᠭ ᠨᠢ ᠰᠠᠶᠢᠬᠠᠨ ᠲᠣᠭᠤᠷᠢᠭ ᠲᠠᠢ ᠬᠥᠷᠰᠢᠯᠡᠵᠦ᠂ ᠡᠮᠦᠨ᠎ᠡ ᠬᠡᠰᠡᠭ᠂ ᠪᠠᠷᠠᠭᠤᠨ ᠬᠡᠰᠡᠭ ᠨᠢ ᠲᠦᠮᠡᠳ ᠵᠡᠭᠦᠨ ᠬᠤᠰᠢᠭᠤ ᠲᠠᠢ ᠵᠠᠬ᠎ᠠ ᠨᠡᠶᠢᠯᠡᠵᠦ᠂ ᠬᠤᠶᠢᠲᠤ ᠬᠡᠰᠡᠭ ᠨᠢ ᠬᠤᠲᠣᠩ ᠠᠷᠠᠳ ᠤᠨ ᠲᠣᠭᠤᠷᠢᠭ ᠲᠠᠢ ᠵᠠᠬ᠎ᠠ ᠨᠡᠶᠢᠯᠡᠵᠦ᠂ ᠣᠲᠣ ᠨᠢᠭᠡ ᠪᠠᠯᠭᠠᠰᠤ᠂ ᠨᠠᠢᠮᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ 63 ᠨᠡᠶᠢᠭᠡᠮ ᠲᠣᠭᠤᠷᠢᠭ᠂ 50 ᠵᠠᠰᠠᠭ ᠵᠠᠬᠢᠷᠭᠠᠨ ᠤ ᠲᠣᠰᠬᠤᠨ ᠢ ᠪᠠᠶᠢᠭᠤᠯᠵᠠᠢ᠃ ᠬᠠᠷᠢᠶ᠎ᠠ ᠣᠷᠣᠨ ᠤ ᠳᠣᠲᠣᠷᠠᠬᠢ ᠠᠯᠳᠠᠷᠲᠤ ᠦᠵᠡᠮᠵᠢ ᠡᠷᠲᠡᠨ ᠤ ᠪᠠᠭᠤᠷᠢ ᠣᠳᠣᠨ ᠮᠡᠴᠢᠳ ᠮᠡᠲᠦ ᠲᠦᠭᠡᠵᠦ᠂ ᠱᠠᠰᠢᠨ ᠰᠤᠷᠲᠠᠬᠤᠨ ᠤ ᠰᠣᠶᠣᠯ᠂ ᠦᠨᠳᠦᠰᠦᠲᠡᠨ ᠤ ᠰᠣᠶᠣᠯ ᠢ ᠬᠠᠷᠠᠭᠤᠯᠤᠭᠰᠠᠨ ᠶᠡᠭᠡ ᠵᠤᠤ᠂ ᠰᠢᠷᠡᠭᠡᠲᠦ ᠵᠤᠤ᠂ ᠨᠠᠶᠢᠮᠤᠴᠢ ᠵᠤᠤ᠂ ᠲᠠᠪᠤᠨ ᠰᠤᠪᠤᠷᠭᠠᠲᠤ ᠰᠦᠮ᠎ᠡ᠂ ᠬᠤᠮᠰᠢᠮ ᠪᠣᠳᠢᠰᠠᠳ᠋ᠸ᠎ᠠ ᠶᠢᠨ ᠰᠦᠮ᠎ᠡ᠂ ᠪᠤᠷᠬᠠᠨ ᠤ ᠪᠤᠷᠬᠠᠨ ᠰᠤᠪᠤᠷᠭ᠎ᠠ ᠲᠠᠢ ᠪᠠᠶᠢᠵᠤ᠂ ᠦᠨᠳᠦᠰᠦᠲᠡᠨ ᠤ ᠨᠥᠬᠦᠷᠰᠡᠭ ᠪᠦᠯᠬᠦᠮᠳᠡᠯ ᠢ ᠭᠡᠷᠡᠴᠢᠯᠡᠭᠰᠡᠨ ᠵᠣᠣ ᠵᠢᠶᠦ᠋ᠨ ᠮᠦᠽᠧᠶ ᠶᠢᠨ ᠬᠦᠷᠢᠶᠡᠯᠡᠩ ᠲᠠᠢ᠂ ᠲᠡᠦᠬᠡ ᠬᠤᠳᠠᠯᠳᠤᠭ᠎ᠠ ᠠᠷᠠᠯᠵᠢᠶᠠᠨ ᠤ ᠰᠣᠶᠣᠯ ᠢ ᠳᠡᠯᠭᠡᠨ ᠦᠵᠡᠭᠦᠯᠦᠭᠰᠡᠨ ᠳ᠋ᠡ ᠱᠧᠩ ᠺᠦᠢ ᠰᠣᠶᠣᠯ ᠤᠨ ᠡᠭᠦᠳᠦᠯᠲᠡ ᠶᠢᠨ ᠬᠦᠷᠢᠶᠡᠯᠡᠩ ᠲᠠᠢ᠂ ᠲᠦᠷᠦᠭᠦᠦ ᠪᠦᠯᠦᠭ ᠤᠨ ᠤᠯᠤᠰ ᠤᠨ ᠲᠡᠰ ᠤᠨ ᠵᠤᠭᠠᠴᠠᠯ ᠰᠡᠯᠡᠭᠦᠴᠡᠯ ᠤᠨ ᠵᠡᠭᠡᠯᠢ ᠲᠣᠭᠤᠷᠢᠭ᠂ ᠲᠦᠷᠦᠭᠦᠦ ᠪᠦᠯᠦᠭ ᠤᠨ ᠤᠯᠤᠰ ᠤᠨ ᠲᠡᠰ ᠤᠨ ᠰᠥᠨᠢ ᠶᠢᠨ ᠰᠣᠶᠣᠯ ᠪᠠ  ᠵᠢᠭᠤᠯᠴᠢᠯᠠᠯ ᠤᠨ ᠬᠡᠷᠡᠭᠯᠡᠭᠡ ᠲᠥᠪᠯᠡᠷᠡᠭᠰᠡᠨ ᠲᠣᠭᠤᠷᠢᠭ ᠤᠨ ᠪᠤᠭᠤᠮᠲᠠ ᠶᠢᠨ ᠬᠠᠭᠤᠴᠢᠨ ᠵᠡᠭᠡᠯᠢ ᠶᠢᠨ ᠲᠡᠦᠬᠡ ᠰᠣᠶᠣᠯ ᠤᠨ ᠵᠡᠭᠡᠯᠢ ᠲᠣᠭᠤᠷᠢᠭ ᠲᠠᠢ᠂ ᠠᠮᠢ ᠠᠬᠤᠢ ᠶᠢ ᠬᠠᠮᠠᠭᠠᠯᠠᠬᠤ᠂ ᠰᠡᠯᠡᠭᠦᠴᠡᠨ ᠵᠤᠭᠠᠴᠠᠬᠤ᠂ ᠵᠤᠭᠠᠴᠠᠨ ᠲᠣᠭᠤᠷᠢᠬᠤ ᠵᠡᠷᠭᠡ ᠴᠢᠳᠠᠪᠬᠢ ᠶᠢ ᠨᠢᠭᠡ ᠴᠤᠬᠴᠠᠵᠢᠭᠤᠯᠤᠬᠰᠠᠨ ᠶᠡᠭᠡ ᠲᠦᠷᠭᠡᠨ ᠭᠤᠣᠯ ᠤᠨ ᠲᠡᠭᠦᠷᠭᠡ ᠶᠢᠨ ᠴᠡᠴᠡᠷᠯᠢᠭ᠂ ᠪᠠᠭ᠎ᠠ ᠲᠦᠷᠭᠡᠨ ᠭᠤᠣᠯ ᠤᠨ ᠬᠠᠭᠠᠯᠭ᠎ᠠ ᠶᠢᠨ ᠴᠡᠴᠡᠷᠯᠢᠭ ᠤᠨ ᠬᠤᠳᠠ ᠶᠢᠨ ᠨᠣᠭᠤᠭᠠᠨ ᠪᠦᠰᠡ ᠲᠠᠢ᠃ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠳᠤ᠂ ᠪᠠᠶᠢᠩᠭᠤ ᠰᠠᠭᠤᠭ᠎ᠠ ᠬᠥᠮᠦᠨ ᠠᠮᠠ 524573 ᠪᠠᠶᠢᠨ᠎ᠠ᠃
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号