ᠯᠢᠶᠠᠩ ᠱᠠᠨ ᠵᠡᠭᠡᠯᠢ ᠶᠢᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠷᠳᠡᠭᠡ ︽ᠪᠢᠷ ᠪᠡᠭᠡ ᠪᠠᠨ ᠬᠤᠷᠦ᠋ᠢᠯᠵᠠᠭᠤᠯᠤᠨ ᠵᠦᠩᠨᠡᠯ ᠳᠡᠪᠰᠢᠭᠦᠯᠵᠦ ᠴᠠᠭᠠᠨ ᠰᠠᠷ᠎ᠠ ᠶᠢᠨ ᠬᠤᠣᠰ ᠤᠶᠠᠩᠭ᠎ᠠ ᠪᠢᠴᠢᠵᠦ ᠴᠠᠭᠠᠨ ᠰᠠᠷ᠎ᠠ ᠶᠢ ᠤᠭᠲᠤᠬᠤ︾ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/1/30
     ᠤᠢᠢᠷ᠎ᠠ ᠶᠢᠨ ᠡᠳᠦᠷ᠂ ᠯᠢᠶᠠᠩ ᠱᠠᠨ ᠵᠡᠭᠡᠯᠢ ᠶᠢᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠷᠳᠡᠭᠡ ︽ᠪᠢᠷ ᠪᠡᠭᠡ ᠪᠠᠨ ᠬᠤᠷᠦ᠋ᠢᠯᠵᠠᠭᠤᠯᠤᠨ ᠵᠦᠩᠨᠡᠯ ᠳᠡᠪᠰᠢᠭᠦᠯᠵᠦ᠂ ᠴᠠᠭᠠᠨ ᠰᠠᠷ᠎ᠠ ᠶᠢᠨ ᠬᠤᠣᠰ ᠤᠶᠠᠩᠭ᠎ᠠ ᠪᠢᠴᠢᠵᠦ ᠴᠠᠭᠠᠨ ᠰᠠᠷ᠎ᠠ ᠶᠢ ᠤᠭᠲᠤᠬᠤ︾ ᠠᠵᠢᠯᠯᠠᠭ᠎ᠠ ᠥᠷᠨᠢᠭᠦᠯᠵᠦ᠂ ᠪᠦᠯᠬᠦᠮᠳᠡᠨ ᠲᠡᠮᠡᠴᠡᠬᠦ᠂ ᠪᠠᠶᠠᠷ ᠪᠠᠶᠠᠰᠬᠤᠯᠠᠩ ᠲᠠᠢ ᠡᠶ᠎ᠡ ᠨᠠᠶᠢᠷᠲᠠᠢ ᠨᠡᠶᠢᠭᠡᠮ ᠲᠣᠭᠤᠷᠢᠭ ᠤᠨ ᠠᠭᠤᠷ ᠠᠮᠢᠰᠬᠤᠯ ᠢ ᠪᠤᠢ ᠪᠣᠯᠭᠠᠪᠠ᠃
     ᠯᠢᠶᠠᠩ ᠱᠠᠨ ᠵᠡᠭᠡᠯᠢ ᠶᠢᠨ ᠨᠡᠶᠢᠭᠡᠮ ᠲᠣᠭᠤᠷᠢᠭ ᠤᠨ ᠬᠢᠨ ᠪᠦᠸᠧᠬᠠᠢ ᠪᠠᠩᠬᠢ ᠲᠠᠢ ᠬᠤᠯᠪᠣᠭᠠᠯᠠᠨ ᠤᠷᠠᠨ ᠪᠢᠴᠢᠯᠭᠡᠲᠡᠨ ᠼᠦᠢ ᠵᠠᠨ ᠶᠤᠸᠠᠨ ᠪᠠᠭᠰᠢ ᠶᠢ ᠤᠷᠢᠵᠤ ᠤᠯᠠᠨ ᠳᠤ ᠬᠤᠣᠰ ᠤᠶᠠᠩᠭ᠎ᠠ ᠪᠢᠴᠢᠭᠦᠯᠪᠡ᠂ ᠠᠵᠢᠯᠯᠠᠭ᠎ᠠ ᠶᠢᠨ ᠥᠷᠥᠭᠡᠨ ᠤ ᠰᠠᠭᠤᠭᠠᠯᠢ ᠠᠷᠠᠳ ᠰᠢᠷᠡᠭᠡ ᠶᠢ ᠲᠣᠭᠤᠷᠢᠨ ᠬᠦᠯᠢᠴᠡᠩᠭᠦᠢ ᠪᠠᠷ ᠬᠦᠯᠢᠶᠡᠵᠦ᠂ ᠼᠦᠢ ᠪᠠᠭᠰᠢ ᠪᠢᠷ ᠪᠡᠭᠡ ᠪᠠᠨ ᠬᠤᠷᠦ᠋ᠢᠯᠵᠠᠭᠤᠯᠤᠨ ᠰᠠᠭᠤᠭᠠᠯᠢ ᠠᠷᠠᠳ ᠤᠨ ᠮᠠᠭᠲᠠᠭᠠᠯ ᠰᠠᠶᠢᠰᠢᠶᠠᠯ ᠢ ᠣᠯᠵᠤ ᠪᠠᠶᠢᠯ᠎ᠠ᠃ ᠤᠳᠠᠯ ᠦᠭᠡᠢ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠠᠳᠠᠷᠠᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠡᠷᠭᠡ ᠰᠠᠶᠢᠨ ᠰᠠᠶᠢᠬᠠᠨ ᠵᠥᠩᠨᠡᠯ ᠢ ᠠᠬᠤᠭᠤᠯᠤᠭᠰᠠᠨ ᠬᠤᠣᠰ ᠤᠶᠠᠩᠭ᠎ᠠ ᠶᠢ ᠪᠢᠴᠢᠵᠦ ᠳᠠᠭᠤᠰᠬᠠᠪᠠ᠃
     ᠲᠤᠰ ᠤᠳᠠᠭᠠᠨ ᠤ ᠠᠵᠢᠯᠯᠠᠭ᠎ᠠ ᠳᠤ ᠴᠠᠭᠠᠨ ᠰᠠᠷ᠎ᠠ ᠶᠢᠨ ᠬᠤᠣᠰ ᠤᠶᠠᠩᠭ᠎ᠠ ᠶᠢᠨ ᠪᠦᠲᠦᠭᠡᠯ ᠢ ᠬᠡᠳᠦᠨ ᠠᠷᠪᠠᠨ ᠬᠤᠪᠢ ᠬᠦᠷᠭᠡᠵᠦ᠂ ᠣᠯᠠᠨ ᠲᠦᠮᠡᠨ ᠳᠤ ︽ᠤᠮᠠᠷᠠᠲᠤ ᠬᠢᠯᠢ ᠶᠢᠨ ᠰᠣᠶᠣᠯ   ᠰᠤᠶᠤᠯ ᠢ ᠳᠡᠭᠡᠳᠦᠯᠡᠬᠦ ᠢᠦᠶ ᠴᠢᠤᠸᠠᠨ︾ ᠤ ᠷᠢᠳᠢ ᠰᠢᠳᠢ ᠶᠢ ᠣᠶᠢᠷ᠎ᠠ ᠠᠴᠠ ᠮᠡᠳᠡᠷᠡᠭᠦᠯᠵᠡᠶ᠃ ᠴᠠᠭᠠᠨ ᠰᠠᠷ᠎ᠠ ᠶᠢᠨ ᠬᠤᠣᠰ ᠤᠶᠠᠩᠭ᠎ᠠ ᠪᠠᠷ ᠠᠴᠢᠶᠠᠯᠠᠪᠤᠷᠢ ᠪᠣᠯᠭᠠᠨ᠂ ᠬᠠᠶᠢᠷ᠎ᠠ ᠬᠠᠯᠠᠮᠵᠢ ᠬᠦᠷᠭᠡᠵᠦ᠂ ᠴᠠᠭᠠᠨ ᠰᠠᠷ᠎ᠠ ᠶᠢ ᠤᠭᠲᠤᠵᠤ᠂ ᠣᠯᠠᠨ ᠲᠦᠮᠡᠨ ᠳᠤ ᠤᠯᠠᠮᠵᠢᠯᠠᠯᠲᠤ ᠰᠣᠶᠣᠯ ᠤᠨ ︽ᠴᠠᠭᠠᠨ ᠰᠠᠷ᠎ᠠ ᠶᠢᠨ ᠦᠨᠦᠷ ᠠᠮᠲᠠ︾ ᠶᠢ ᠡᠳ᠋ᠯᠡᠭᠦᠯᠪᠡ᠃      ᠲᠤᠰ ᠤᠳᠠᠭ᠎ᠠ ᠶᠢᠨ ᠠᠵᠢᠯᠯᠠᠭ᠎ᠠ ᠳᠤ᠂ ᠯᠢᠶᠠᠩ ᠱᠠᠨ ᠵᠡᠭᠡᠯᠢ ᠶᠢᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠷᠳᠡᠭᠡ ︽ᠰᠢᠨ᠎ᠡ ᠵᠢᠯ ᠤᠨ ᠦᠨᠦᠷ ᠠᠮᠲᠠ︾ ᠶᠢ ᠡᠷᠲᠡᠬᠡᠨ ᠰᠠᠭᠤᠭᠠᠯᠢ ᠠᠷᠠᠳ ᠤᠨ ᠭᠡᠷ ᠲᠤ ᠬᠦᠷᠭᠡᠵᠦ᠂ ᠰᠠᠶᠢᠨ ᠰᠠᠶᠢᠬᠠᠨ ᠵᠥᠩᠨᠡᠯ ᠢ ᠴᠦ ᠰᠠᠭᠤᠭᠠᠯᠢ ᠠᠷᠠᠳ ᠤᠨ ᠰᠡᠳᠬᠢᠯ ᠳᠤ ᠬᠦᠷᠭᠡᠵᠦ᠂ ᠨᠡᠶᠢᠭᠡᠮ ᠲᠣᠭᠤᠷᠢᠭ ᠪᠣᠯᠤᠨ ᠰᠠᠭᠤᠭᠠᠯᠢ ᠠᠷᠠᠳ ᠤᠨ ᠬᠤᠭᠤᠷᠣᠨᠳᠣᠬᠢ ᠵᠠᠢ ᠶᠢ ᠣᠶᠢᠷᠠᠲᠤᠭᠤᠯᠬᠤ ᠶᠢᠨ ᠬᠠᠮᠲᠤ ᠡᠶ᠎ᠡ ᠵᠣᠬᠢᠴᠠᠩᠭᠤᠢ ᠨᠡᠶᠢᠭᠡᠮ ᠤᠨ ᠢᠳᠡᠪᠬᠢ ᠬᠦᠴᠦᠨ ᠢ ᠳᠠᠮᠵᠢᠭᠤᠯᠬᠤ ᠶᠢ ᠤᠯᠠᠮ ᠴᠢᠨᠠᠭᠰᠢᠳᠠ ᠪᠡᠶᠡᠯᠡᠭᠦᠯᠵᠡᠢ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号