ᠢᠦᠶ ᠴᠢᠤᠸᠠᠨ ᠲᠣᠭᠤᠷᠢᠭ ᠤᠨ ᠬᠢᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠴᠢᠩᠭᠠᠳᠬᠠᠵᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ ᠪᠣᠶ
ᠨᠡᠶᠢᠲᠡᠯᠡᠭᠰᠡᠨ ᠴᠠᠭ᠄
2024/1/30
     2023 ᠣᠨ ᠠᠴᠠ ᠨᠠᠭᠠᠰᠢ᠂ ᠢᠦᠢ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ ᠠᠵᠤ ᠠᠬᠤᠶᠢᠯᠠᠯ ᠳᠤ ᠠᠰᠢᠭ ᠬᠦᠷᠲᠡᠭᠡᠵᠦ ᠰᠢᠯᠢᠳᠡᠭ ᠦᠢᠯᠡᠴᠢᠯᠡᠬᠦ ᠪᠠᠷ ᠬᠦᠴᠦᠯᠡᠴᠡ ᠶᠢᠨ ᠴᠡᠭ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠤᠯᠠᠨ ᠲᠦᠮᠡᠨ ᠤ ᠬᠠᠨᠤᠮᠵᠢᠲᠠᠢ ᠪᠠᠶᠢᠬᠤ ᠪᠠᠷ ᠲᠤᠰᠤᠯᠲᠠ ᠶᠢᠨ ᠴᠡᠭ ᠪᠣᠯᠭᠠᠬᠤ ᠶᠢ ᠪᠠᠷᠢᠮᠲᠠᠯᠠᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠢᠦᠢ ᠴᠢᠤᠸᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠪᠠ᠃      ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂  ᠦᠢᠯᠡᠴᠢᠯᠡᠭᠡᠨ ᠤ ᠣᠶᠢᠯᠠᠭᠠᠯᠲᠠ ᠶᠢ ᠳᠡᠭᠡᠭᠰᠢᠯᠡᠭᠦᠯᠪᠡ᠃ ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠵᠥᠭᠡᠯᠡᠨ ᠬᠠᠲᠠᠭᠤ ᠲᠣᠨᠤᠭ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠳᠤ ᠬᠤᠯᠪᠣᠭᠳᠠᠬᠤ ᠬᠦᠷᠢᠶ᠎ᠡ ᠪᠠ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠵᠦᠢᠯᠡᠰ ᠢ ᠪᠥᠬᠦ ᠬᠡᠮᠵᠢᠶ᠎ᠡ ᠪᠠᠷ ᠣᠷᠣᠭᠤᠯᠵᠤ ᠰᠠᠭᠤᠯᠭᠠᠬᠤ ᠶᠢ ᠠᠬᠢᠭᠤᠯᠵᠤ᠂ ᠡᠮᠴᠢᠯᠡᠭᠡᠨ ᠤ ᠳᠠᠭᠠᠳᠬᠠᠯ᠂ ᠨᠡᠶᠢᠭᠡᠮ ᠤᠨ ᠳᠠᠭᠠᠳᠬᠠᠯ᠂ ᠭᠠᠶᠢᠯᠢ ᠶᠢᠨ ᠶᠠᠪᠤᠳᠠᠯ᠂ ᠳᠣᠲᠣᠭᠠᠳᠤ ᠶᠢ ᠬᠠᠮᠠᠭᠠᠯᠠᠬᠤ ᠵᠡᠷᠭᠡ ᠥᠨᠳᠥᠷ ᠲᠠᠪᠳᠠᠮᠵᠢᠳᠤ ᠵᠦᠢᠯᠡᠰ ᠢ ᠪᠦᠬᠦᠨ ᠢ ᠭᠦᠢᠴᠡᠳᠭᠡᠵᠦ ᠪᠤᠯᠤᠨ᠎ᠠ︔ ᠠᠵᠢᠯᠯᠠᠬᠤ ᠡᠳᠦᠷ ᠤᠨ ᠪᠣᠯᠵᠤᠭ᠎ᠠ᠂ ᠭᠠᠷᠠᠭ ᠤᠨ ᠵᠢᠷᠭᠤᠭᠠᠨ ᠭᠠᠷᠠᠭ ᠤᠨ ᠡᠳᠦᠷ ᠬᠤᠶᠢᠰᠢᠯᠠᠭᠤᠯᠬᠤ᠂ 24 ᠴᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠡᠲᠦ ᠳᠡᠯᠭᠡᠭᠦᠷ᠂ ᠰᠦᠢᠳᠭᠡᠯ ᠬᠤᠷᠢᠶᠠᠬᠤ ᠥᠬᠡᠶ ᠪᠠᠷ ᠰᠢᠤᠳᠠᠨ ᠢᠶᠠᠷ ᠢᠯᠡᠭᠡᠬᠦ ᠵᠡᠷᠭᠡ ᠠᠷᠠᠳ ᠲᠤ ᠲᠥᠬᠦᠮ ᠦᠵᠡᠭᠦᠯᠬᠦ  ᠦᠢᠯᠡᠴᠢᠯᠡᠭᠡ ᠬᠠᠩᠭᠠᠨ᠎ᠠ︔ ︽ᠭᠤᠷᠪᠠᠨ ᠱᠠᠲᠤ ︾ ᠶᠢᠨ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠬᠦᠯᠦᠨ᠎ᠡ᠄ ᠦᠨᠳᠦᠰᠦᠨ ᠱᠠᠲᠤᠨ ᠤ ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ ᠵᠦᠢᠯᠡᠰ ᠨᠡᠶᠢᠲᠡ 66 ᠵᠦᠢᠯ ᠪᠠᠶᠢᠵᠤ᠂ ᠬᠠᠪᠰᠤᠷᠤᠨ ᠭᠦᠢᠴᠡᠳᠭᠡᠬᠦ ᠳᠠᠭᠠᠭᠤᠯᠬᠤ ᠠᠵᠢᠯᠲᠠᠨ 679 ᠬᠥᠮᠦᠨ ᠪᠠᠶᠢᠨ᠎ᠠ᠃ ︽ᠬᠥᠬᠡᠬᠤᠲᠠ ᠶᠢᠨ ᠭᠦᠢᠴᠡᠳᠭᠡᠬᠦ ᠳᠤ ᠲᠣᠬᠢᠷᠠᠮᠵᠢᠲᠠᠶ ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ︾ ᠨᠠᠷᠠᠲᠤ ᠲᠦᠷᠦᠯ ᠲᠡᠮᠳᠡᠭᠲᠦ ᠶᠢ ᠪᠣᠶ ᠪᠣᠯᠭᠠᠵᠤ᠂ ᠣᠳᠣᠬᠠᠨ ᠳᠤ ᠢᠦᠶ ᠴᠢᠤᠸᠠᠨ ᠲᠣᠭᠤᠷᠢᠭ ᠤᠨ ᠪᠣᠶ ᠪᠥᠬᠦᠶ ᠰᠢᠶᠠᠩ ᠪᠠᠯᠭᠠᠰᠤ᠂ ᠨᠡᠶᠢᠭᠡᠮ ᠲᠣᠭᠤᠷᠢᠭ ᠲᠣᠰᠬᠤᠨ ᠳᠤ ᠴᠥᠮ ︽ᠨᠠᠢᠮᠠ ᠪᠠᠶᠢᠬᠤ︾ ᠠᠵᠢᠯ ᠤᠨ ᠱᠠᠭᠠᠷᠳᠠᠯᠭ᠎ᠠ ᠶᠢ ᠪᠡᠶᠡᠯᠡᠭᠦᠯᠪᠡ᠃ ︵ᠳᠠᠷᠤᠶ ᠠᠵᠢᠯ ᠶᠠᠪᠤᠳᠠᠯ ᠭᠦᠢᠴᠡᠳᠭᠡᠬᠦ ᠴᠤᠩᠬᠤᠪᠴᠢ ᠲᠠᠢ᠂ ᠲᠤᠰᠬᠠᠶ ᠭᠦᠢᠴᠡᠳᠭᠡᠬᠦ ᠣᠷᠣᠯᠠᠨ ᠭᠦᠢᠴᠡᠳᠭᠡᠬᠦ ᠠᠵᠢᠯᠲᠠᠨ ᠲᠠᠢ᠂ ᠠᠯᠪᠠᠨ ᠠᠵᠢᠯ ᠤᠨ ᠲᠥᠬᠦᠭᠡᠷᠦᠮᠵᠢ ᠲᠠᠢ᠂ ᠠᠵᠢᠯ ᠶᠠᠪᠤᠳᠠᠯ ᠭᠦᠢᠴᠡᠳᠭᠡᠬᠦ ᠵᠦᠭᠯᠡᠭᠦᠷ ᠲᠠᠢ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠲᠠᠢ᠂ ᠲᠤᠰᠬᠠᠶ ᠭᠦᠢᠴᠡᠳᠭᠡᠬᠦ ᠣᠷᠣᠯᠠᠨ ᠭᠦᠢᠴᠡᠳᠭᠡᠬᠦ ᠠᠵᠢᠯᠲᠠᠨ ᠤ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠲᠠᠢ᠂ ᠲᠦᠷᠢᠮ ᠲᠣᠭᠲᠠᠴᠠ ᠲᠠᠢ᠂ ᠠᠵᠢᠯ ᠤᠨ ᠡᠬᠡ ᠲᠠᠩᠰᠠ ᠲᠠᠢ︶ ᠪᠠᠶᠢᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠶᠢᠨ ᠬᠠᠨᠤᠮᠵᠢ ᠶᠢᠨ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ ᠦᠨᠡᠨᠬᠦ  ᠳᠡᠭᠡᠭᠰᠢᠯᠡᠭᠦᠯᠪᠡ᠃      ᠬᠢᠨᠠᠨ ᠵᠥᠪᠰᠢᠶᠡᠷᠡᠬᠦ ᠪᠠᠷᠢᠮᠵᠢᠶ᠎ᠠ ᠶᠢ ᠴᠢᠩᠳᠠᠯᠠᠵᠤ᠂ ᠦᠢᠯᠡᠴᠢᠯᠡᠭᠡᠨ ᠤ ᠠᠵᠢᠯᠯᠠᠭ᠎ᠠ ᠶᠢ  ᠵᠢᠷᠤᠮᠵᠢᠭᠤᠯᠪᠠ᠃ ︽ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠭᠡᠬᠦ︾ ᠥᠭᠡᠷᠡᠴᠢᠯᠡᠯᠲᠡ ᠶᠢᠨ ᠲᠣᠭᠤᠷᠢᠨ ᠳᠤ᠂ ᠦᠢᠯᠡᠴᠢᠯᠡᠭᠡᠨ ᠤ ᠵᠦᠭᠯᠡᠭᠦᠷ ᠢ ᠨᠠᠶᠢᠷᠠᠭᠤᠯᠤᠨ ᠵᠣᠬᠢᠶᠠᠵᠤ᠂ ᠠᠵᠢᠯ ᠶᠠᠪᠤᠳᠠᠯ ᠭᠦᠢᠴᠡᠳᠭᠡᠬᠦ ᠴᠤᠪᠤᠷᠠᠯ ᠪᠠ ᠭᠤᠶᠤᠴᠢᠯᠠᠨ ᠭᠦᠢᠴᠡᠳᠭᠡᠬᠦ ᠴᠢᠬᠤᠯᠠ ᠨᠥᠬᠦᠴᠡᠯ ᠢ ᠵᠢᠷᠤᠮᠵᠢᠭᠤᠯᠤᠨ᠂ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠳᠤ ᠢᠵᠢ ᠦᠢᠯᠡᠴᠢᠯᠡᠭᠡᠨ ᠤ ᠮᠠᠶ᠋ᠢᠭ ᠤᠨ ᠦᠢᠯᠡᠴᠢᠯᠡᠭᠡ ᠬᠠᠩᠭᠠᠨ᠎ᠠ᠃ ᠠᠵᠤ ᠠᠬᠤᠶᠢᠯᠠᠯ ᠤᠨ ᠣᠯᠠᠨ ᠲᠦᠮᠡᠨ ᠤ ︽ᠲᠣᠭᠲᠠᠭᠠᠯ ᠶᠣᠰᠣᠭᠠᠷ ᠠᠵᠢᠯ ᠶᠠᠪᠤᠳᠠᠯ ᠬᠢᠬᠦ ᠳᠤ ᠬᠥᠮᠦᠨ ᠢ ᠭᠤᠶᠤᠬᠤ ᠦᠭᠡᠶ︾ ᠪᠠᠷ ᠬᠠᠷᠠᠯᠲᠠ ᠪᠣᠯᠭᠠᠵᠤ᠂ ᠬᠢᠨᠠᠨ ᠵᠥᠪᠰᠢᠶᠡᠷᠡᠬᠦ ᠵᠦᠢᠯᠡᠰ ᠲᠤ ᠨᠠᠷᠢᠨ ᠳᠠᠩᠰᠠᠴᠢᠯᠠᠭᠰᠠᠨ᠂ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠥᠷᠲᠡᠭᠡ ᠳᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ᠂ ᠬᠡᠷᠡᠭᠵᠢᠭᠦᠯᠬᠦ ᠨᠠᠷᠢᠨ ᠬᠠᠭᠤᠳᠠᠰᠤ᠂ ᠤᠴᠢᠷ ᠶᠠᠪᠤᠳᠠᠯ ᠭᠦᠢᠴᠡᠳᠭᠡᠬᠦ ᠵᠦᠭᠯᠡᠭᠦᠷ ᠢ ᠢᠯᠡ ᠪᠣᠯᠭᠠᠵᠤ᠂ ︽ᠨᠠᠷᠢᠨ ᠬᠠᠭᠤᠳᠠᠰᠤ ᠠᠴᠠ ᠭᠠᠳᠠᠨ᠎ᠠ ᠬᠢᠨᠠᠨ ᠵᠥᠪᠰᠢᠶᠡᠷᠡᠬᠦ ᠥᠬᠡᠶ︾ ᠶᠢ ᠪᠡᠶᠡᠯᠡᠭᠦᠯᠦᠨ᠂ ᠲᠤᠬᠠᠶᠢᠯᠠᠭᠰᠠᠨ ᠠᠵᠢᠯ ᠬᠠᠩᠭᠠᠬᠤ᠂ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ᠂ ᠲᠤᠬᠠᠶᠢᠯᠠᠭᠰᠠᠨ ᠠᠵᠢᠯ ᠤᠨ ᠴᠤᠪᠤᠷᠠᠯ᠂ ᠲᠤᠬᠠᠶᠢᠯᠠᠭᠰᠠᠨ ᠠᠵᠢᠯ ᠤᠨ ᠪᠠᠲᠤᠯᠠᠭ᠎ᠠ ᠶᠢ ᠬᠠᠮᠤᠷᠤᠭᠰᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠪᠠᠷᠢᠮᠵᠢᠶᠠᠵᠢᠭᠤᠯᠬᠤ ᠰᠢᠰᠲ᠋ᠧᠮᠵᠢ ᠶᠢ ᠬᠦᠴᠦᠯᠡᠨ ᠪᠠᠶᠢᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ  ᠵᠦᠷᠢᠶ᠎ᠡ ᠥᠬᠡᠶ ᠭᠥᠯᠢᠶᠡᠨ ᠠᠪᠴᠤ ᠰᠢᠢᠳᠪᠦᠷᠢᠯᠡᠬᠦ᠂ ᠠᠳᠠᠯᠢ ᠪᠠᠷᠢᠮᠵᠢᠶ᠎ᠠ ᠪᠠᠷ ᠭᠦᠢᠴᠡᠳᠭᠡᠬᠦ᠂ ᠴᠢᠨᠠᠷ ᠰᠠᠶᠢᠲᠠᠶ ᠦᠷ᠎ᠡ ᠪᠦᠲᠦᠮᠵᠢᠲᠡᠶ ᠪᠠᠷ ᠬᠢᠨᠠᠨ ᠵᠥᠪᠰᠢᠶᠡᠷᠡᠬᠦ ᠶᠢ ᠠᠬᠢᠭᠤᠯᠤᠨ᠎ᠠ᠃      ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠴᠢᠯᠡᠭᠡᠨ ᠤ ᠦᠷ᠎ᠡ ᠪᠦᠲᠦᠮᠵᠢ ᠪᠠᠨ ᠳᠡᠭᠡᠭᠰᠢᠯᠡᠭᠦᠯᠪᠡ᠃ ᠵᠠᠰᠠᠭ ᠤᠨ ᠣᠷᠳᠣᠨ ᠠᠴᠠ ᠭᠤᠷᠪᠠᠳᠠᠬᠢ ᠡᠲᠡᠭᠡᠳ ᠤᠨ ᠦᠢᠯᠡᠴᠢᠯᠡᠭᠡᠨ ᠤ ᠪᠠᠶᠢᠭᠤᠯᠤᠮᠵᠢ ᠶᠢ ᠣᠷᠣᠭᠤᠯᠤᠨ ᠠᠪᠴᠢᠷᠠᠬᠤ ᠪᠠᠷ ᠳᠠᠮᠵᠢᠭᠤᠯᠤᠨ᠂ ︽ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠦᠢᠯᠡᠴᠢᠯᠡᠭᠡᠨ ᠤ ᠥᠭᠡᠷᠡᠴᠢᠯᠡᠯᠲᠡ ᠶᠢ ᠬᠡᠷᠡᠭᠵᠢᠭᠦᠯᠵᠦ᠂ ᠢᠦᠶ ᠴᠢᠤᠸᠠᠨ ᠲᠣᠭᠤᠷᠢᠭ ᠤᠨ ᠭᠤᠶᠤᠴᠢᠯᠠᠭᠰᠠᠨ ᠵᠢᠷᠭᠤᠭᠠᠨ ᠲᠥᠷᠥᠯ ᠤᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠵᠢᠴᠢ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠦᠨᠳᠦᠰᠦᠯᠡᠨ ︽ᠵᠥᠷᠢᠶ᠎ᠡ ᠥᠬᠡᠶ ᠪᠠᠷ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ︾ ᠶᠢ ᠪᠡᠶᠡᠯᠡᠭᠦᠯᠵᠦ᠂ ᠵᠢᠷᠤᠮᠵᠢᠭᠰᠠᠨ ᠨᠢᠭᠡᠳᠦᠯᠲᠡᠶ ᠲᠤᠬᠠᠶᠢᠯᠠᠭᠰᠠᠨ ᠠᠵᠢᠯ ᠤᠨ ᠵᠥᠪᠯᠡᠯᠭᠡ ᠥᠭᠬᠦ᠂ ᠭᠥᠯᠢᠶᠡᠨ ᠠᠪᠴᠤ ᠰᠢᠢᠳᠪᠦᠷᠢᠯᠡᠬᠦ᠂ ᠮᠠᠲ᠋ᠧᠷᠢᠶᠠᠯ ᠢ ᠰᠢᠯᠵᠢᠭᠦᠯᠦᠨ ᠵᠠᠯᠭᠠᠬᠤ᠂ ᠬᠢᠨᠠᠨ ᠵᠥᠪᠰᠢᠶᠡᠷᠡᠬᠦ᠂ ᠬᠠᠶᠢᠨ ᠰᠢᠯᠭᠠᠬᠤ᠂ ᠦᠨᠡᠮᠯᠡᠯ ᠭᠠᠷᠭᠠᠬᠤ᠂ ᠲᠠᠩᠰᠠ ᠡᠪᠬᠡᠮᠡᠯ ᠳᠤ ᠣᠷᠣᠭᠤᠯᠬᠤ ᠵᠡᠷᠭᠡ ᠬᠢᠨᠠᠨ ᠵᠥᠪᠰᠢᠶᠡᠷᠡᠬᠦ ᠵᠦᠢᠯᠡᠰ ᠤᠨ ᠪᠢᠲᠡᠭᠦᠦ ᠠᠵᠢᠯᠯᠠᠭᠠᠨ ᠤ ᠵᠠᠭᠪᠤᠷ ᠢ ᠪᠣᠶ ᠪᠣᠯᠭᠠᠨ᠎ᠠ᠃ ︽ᠡᠮᠦᠨ᠎ᠡ ᠲᠠᠪᠴᠠᠩ ᠳᠤ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ᠂ ᠠᠷᠤ ᠲᠠᠪᠴᠠᠩ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠶᠡᠷᠦᠩᠬᠡᠶᠢᠯᠡᠭᠰᠡᠨ ᠴᠣᠩᠬᠤᠪᠴᠢ ᠪᠠᠷ ᠮᠠᠲ᠋ᠧᠷᠢᠶᠠᠯ ᠭᠠᠷᠭᠠᠬᠤ︾ ᠠᠵᠢᠯ ᠤᠨ ᠵᠠᠭᠪᠤᠷ ᠢ ᠪᠥᠬᠦ ᠲᠠᠯ᠎ᠠ ᠪᠠᠷ ᠠᠬᠢᠭᠤᠯᠵᠤ᠂ ᠠᠵᠢᠯ ᠶᠠᠪᠤᠳᠠᠯ ᠭᠦᠢᠴᠡᠳᠭᠡᠬᠦ ᠠᠵᠤ ᠠᠬᠤᠶᠢᠯᠠᠯ ᠤᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠦᠨᠡᠨᠬᠦ ᠨᠡᠮᠡᠭᠳᠡᠭᠦᠯᠦᠨ᠎ᠡ᠃ ᠲᠣᠰ ᠤᠳᠠᠭ᠎ᠠ ︽ᠶᠡᠷᠦᠩᠬᠡᠶᠢᠯᠡᠭᠰᠡᠨ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠵᠦᠢᠯᠡᠰ ᠲᠤ ᠬᠤᠯᠪᠣᠭᠳᠠᠭᠰᠠᠨ ᠨᠢᠭᠡᠴᠢ ᠨᠡᠶᠢᠲᠡ 13 ᠪᠠᠶᠢᠨ᠎ᠠ᠂ ᠡᠭᠦᠨ ᠳᠤ ᠤᠬᠠᠭᠤᠯᠬᠤ ᠶᠠᠮᠤᠨ ︵ᠰᠣᠨᠢᠨ ᠮᠡᠳᠡᠭᠡ ᠬᠡᠪᠯᠡᠯ ᠤᠨ ᠲᠣᠪᠴᠢᠶ᠎ᠠ︶᠂ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠲᠣᠪᠴᠢᠶ᠎ᠠ᠂ ᠠᠵᠤ  ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠢᠨᠠᠨ ᠵᠥᠪᠰᠢᠶᠡᠷᠡᠬᠦ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠭᠠᠯ ᠤᠨᠲᠠᠷᠠᠭᠠᠬᠤ ᠶᠡᠭᠡ ᠠᠩᠭᠢ᠂ ᠦᠨᠳᠦᠰᠦᠲᠡᠨ ᠤ ᠬᠡᠷᠡᠭ ᠡᠷᠭᠢᠯᠡᠬᠦ ᠵᠦᠪᠯᠡᠯ ᠵᠡᠷᠭᠡ ᠪᠤᠢ᠃ ᠡᠭᠦᠨ ᠳᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ 204 ᠵᠦᠢᠯ᠂ ᠵᠠᠰᠠᠭ ᠵᠠᠬᠢᠷᠭᠠᠨ ᠤ ᠨᠤᠲᠠᠯᠠᠬᠤ ᠵᠦᠢᠯᠡᠰ 15 ᠵᠦᠢᠯ᠂ ᠵᠠᠰᠠᠭ ᠵᠠᠬᠢᠷᠭᠠᠨ ᠤ ᠴᠣᠬᠤᠯᠠᠪᠤᠷᠢ ᠬᠠᠷᠢᠭᠤᠯᠲᠠ᠂ ᠱᠠᠩᠨᠠᠯ ᠬᠥᠬᠢᠭᠦᠯᠦᠯ᠂ ᠥᠭᠭᠦᠯᠲᠡ᠂ ᠲᠠᠰᠤᠯᠤᠯᠲᠠ ᠶᠢᠨ ᠵᠦᠢᠯᠡᠰ 16 ᠵᠦᠢᠯ᠂ ᠵᠠᠰᠠᠭ ᠵᠠᠬᠢᠷᠭᠠᠨ ᠤ ᠡᠷᠬᠡ ᠶᠢᠨ ᠵᠦᠢᠯᠡᠰ 78 ᠵᠦᠢᠯ ᠵᠢᠴᠢ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ 40 ᠵᠦᠢᠯ ᠪᠠᠭᠲᠠᠨ᠎ᠠ᠃      ᠲᠠᠷᠠᠭᠠᠴᠢ ᠶᠢᠨ ᠠᠯᠬᠤᠮ ᠳᠤ᠂ ᠢᠦᠶ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ  ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠦᠢᠯᠡᠴᠢᠯᠡᠬᠦ ᠡᠲᠡᠭᠡᠳ ᠤᠨ ᠢᠶᠠᠨ ᠲᠥᠷᠥᠭᠳᠡᠯ ᠠᠴᠠ ᠡᠬᠢᠯᠡᠨ ᠠᠳᠬᠤᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠵᠢᠷᠤᠮᠵᠢᠭᠤᠯᠤᠯᠲᠠ ᠳᠥᠭᠦᠮᠴᠢᠯᠡᠯᠲᠡ ᠶᠢ ᠬᠡᠷᠡᠭᠵᠢᠭᠦᠯᠬᠦ ᠶᠢ ᠶᠡᠬᠡᠪᠡᠷ ᠳᠥᠯᠭᠢᠨ ᠠᠬᠢᠭᠤᠯᠵᠤ᠂ ᠶᠡᠭᠡ ᠲᠢᠩᠬᠢᠮ ᠤᠨ ᠴᠢᠳᠠᠮᠵᠢᠳᠤ ᠣᠷᠣᠨ ᠤ ᠲᠠᠷᠬᠠᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠵᠥᠭᠡᠯᠡᠨ ᠬᠠᠲᠠᠭᠤ ᠬᠡᠷᠡᠭᠰᠡᠯ ᠤᠨ ᠪᠥᠲᠥᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠬᠡᠷᠡᠭᠴᠡᠭᠡ ᠶᠢ ᠨᠠᠩ ᠰᠠᠶᠢᠲᠤᠷ ᠬᠠᠩᠭᠠᠨ᠎ᠠ᠃              ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号