︽ᠲᠠᠪᠤᠨ ᠲᠦᠮᠡᠨ ᠠᠵᠤ ᠦᠢᠯᠡᠰ ᠤᠨ ᠠᠵᠢᠯᠴᠢᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︾ ᠡᠬᠢᠯᠡᠪᠡ
ᠨᠡᠶᠢᠲᠡᠯᠡᠭᠰᠡᠨ ᠴᠠᠭ᠄
2024/1/30
     ︽ᠲᠠᠪᠤᠨ ᠲᠦᠮᠡᠨ ᠠᠵᠤ ᠦᠢᠯᠡᠰ ᠤᠨ ᠠᠵᠢᠯᠴᠢᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︾ ᠤᠨ ᠵᠠᠰᠠᠭ ᠰᠤᠷᠭᠠᠭᠤᠯᠢ ᠠᠵᠤ ᠠᠬᠤᠶᠢᠯᠠᠯ ᠵᠠᠭᠤᠴᠢᠯᠠᠭᠤᠷ ᠤᠨ ᠠᠵᠤ ᠦᠢᠯᠡᠰ ᠪᠠ ᠰᠤᠷᠭᠠᠨ ᠬᠦᠮᠦᠵᠢᠯ ᠢ ᠠᠭᠤᠰᠤᠯᠴᠠᠭᠤᠯᠬᠤ ᠬᠠᠮᠲᠤ ᠶᠢᠨ ᠴᠣᠭᠴᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠡᠬᠢᠯᠡᠭᠦᠯᠬᠦ ᠶᠡᠭᠡ ᠬᠤᠷᠠᠯ ᠣᠶᠢᠷ᠎ᠠ ᠳᠤ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠶᠠᠪᠤᠭᠳᠠᠪᠠ᠃ ᠬᠤᠷᠠᠯ ᠢ ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠨᠠᠮ ᠤᠨ ᠬᠤᠷᠢᠶ᠎ᠠ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠠᠴᠠ ᠬᠠᠮᠲᠤᠷᠠᠨ ᠡᠷᠬᠢᠯᠡᠪᠡ᠃              ᠡᠨᠡ ᠬᠦ ᠬᠤᠷᠠᠯ ᠨᠢ ︽ᠲᠠᠪᠤᠨ ᠲᠦᠮᠡᠨ ᠠᠵᠤ ᠦᠢᠯᠡᠰ ᠤᠨ ᠠᠵᠢᠯᠴᠢᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︾ ᠤᠨ ᠵᠠᠰᠠᠭ ᠰᠤᠷᠭᠠᠭᠤᠯᠢ ᠠᠵᠤ ᠠᠬᠤᠶᠢᠯᠠᠯ ᠵᠠᠭᠤᠴᠢᠯᠠᠭᠤᠷ ᠤᠨ ᠠᠵᠤ ᠦᠢᠯᠡᠰ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ ᠬᠠᠮᠲᠤ ᠶᠢᠨ ᠴᠣᠭᠴᠠ ︵ᠲᠤᠷᠤᠭᠰᠢ ︽ᠬᠠᠮᠲᠤ ᠶᠢᠨ ᠴᠤᠬᠴᠠ︾ ᠭᠡᠵᠦ ᠲᠦᠭᠦᠮᠴᠢᠯᠡᠨ᠎ᠡ︶ ᠶᠢ ᠬᠠᠮᠳᠤ ᠪᠠᠷ ᠪᠠᠶᠢᠭᠤᠯᠵᠤ᠂ ᠠᠵᠤ ᠦᠢᠯᠡᠰ ᠪᠠ ᠰᠤᠷᠭᠠᠨ ᠬᠥᠮᠦᠵᠢᠯ ᠭᠦᠨᠵᠡᠭᠡᠢ ᠠᠭᠤᠰᠤᠯᠴᠠᠨ ᠬᠥᠭᠵᠢᠬᠦ ᠰᠢᠨ᠎ᠡ ᠪᠠᠶᠢᠷᠢᠰᠢᠯ ᠢ ᠪᠣᠶ ᠪᠣᠯᠭᠠᠬᠤ ᠶᠢ ᠠᠬᠢᠭᠤᠯᠵᠤ᠂ ᠣᠷᠣᠨ ᠤ ᠲᠥᠪ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠴᠢᠩᠭᠠᠷᠠᠭᠤᠯᠬᠤ ᠪᠤᠯᠤᠨ᠎ᠠ᠃ ᠤᠷᠢᠯᠭ᠎ᠠ ᠪᠠᠷ ᠰᠠᠶᠢᠬᠠᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠡᠷᠭᠡ 36 ᠵᠠᠰᠠᠭ ᠤᠨ ᠣᠷᠳᠣᠨ ᠤ ᠨᠢᠭᠡᠴᠢ᠂ ᠥᠪᠥᠷ ᠮᠣᠩᠭᠤᠯ ᠤᠨ ᠶᠡᠭᠡ ᠰᠤᠷᠭᠠᠭᠤᠯᠢ ᠵᠡᠷᠭᠡ 7 ᠶᠡᠭᠡ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠡᠯᠧᠺᠲᠷᠤᠨ ᠮᠡᠳᠡᠭᠡ ᠵᠠᠩᠭᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠡᠷᠭᠡ 7 ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠬᠥᠬᠡᠬᠤᠲᠠ ᠶᠢᠨ ᠠᠷᠠᠯᠵᠢᠶ᠎ᠠ ᠬᠤᠳᠠᠯᠳᠤᠭ᠎ᠠ ᠵᠢᠭᠤᠯᠴᠢᠯᠠᠯ ᠤᠨ ᠠᠵᠢᠯ ᠮᠡᠷᠭᠡᠵᠢᠯ ᠤᠨ ᠰᠤᠷᠭᠠᠭᠤᠯᠢ ᠵᠡᠷᠭᠡ 10 ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠬᠥᠬᠡᠬᠤᠲᠠ ᠶᠢᠨ ᠠᠲ᠋ᠧᠰ ᠡᠯᠧᠺᠲᠷᠤᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ 63 ᠠᠵᠤ ᠠᠬᠤᠶᠢᠯᠠᠯ ᠵᠢᠴᠢ ᠠᠷᠠᠳ ᠤᠨ ᠰᠦᠯᠵᠢᠶ᠎ᠡ ᠶᠢᠨ ᠥᠪᠥᠷ ᠮᠣᠩᠭᠤᠯ ᠰᠤᠪᠠᠭ ᠵᠡᠷᠭᠡ 15 ᠵᠠᠭᠤᠴᠢᠯᠠᠭᠤᠷ ᠤᠨ ᠬᠢᠨ ᠬᠠᠮᠲᠤᠷᠠᠨ ᠠᠵᠢᠯᠯᠠᠬᠤ ᠰᠠᠨᠠᠯ ᠨᠢᠭᠡᠳᠪᠡ᠃              ᠬᠤᠷᠠᠯ ᠠᠴᠠ ︽︿ᠲᠠᠪᠤᠨ ᠲᠦᠮᠡᠨ ᠠᠵᠤ ᠦᠢᠯᠡᠰ ᠤᠨ ᠠᠵᠢᠯᠴᠢᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ﹀ ᠤᠨ ᠵᠢᠷᠭᠤᠭᠠᠨ ᠶᠡᠭᠡ ᠠᠵᠤ ᠦᠢᠯᠡᠰ ᠤᠨ ᠪᠦᠯᠦᠭᠵᠢᠯ ᠤᠨ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭᠠᠨ ᠤ ᠪᠦᠳᠦᠭᠦᠪᠴᠢ ᠬᠡᠯᠡᠯᠴᠡᠭᠡᠷ ᠤᠨ ᠪᠢᠴᠢᠭ︾ ᠢ ᠵᠥᠪᠳᠡᠯᠴᠡᠨ ᠪᠠᠳᠤᠯᠠᠵᠤ᠂ ︽ᠵᠢᠷᠭᠤᠭᠠᠨ ᠶᠡᠭᠡ ᠠᠵᠤ ᠦᠢᠯᠡᠰ ᠤᠨ ᠪᠦᠯᠦᠭᠵᠢᠯ︾ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭᠠᠨ ᠤ ᠭᠠᠷ ᠤᠨ ᠦᠰᠦᠭ ᠵᠢᠷᠤᠬᠤ ᠶᠣᠰᠣᠯᠠᠯ ᠶᠠᠪᠤᠭᠤᠯᠵᠤ᠂ ︽ᠬᠠᠮᠲᠤ ᠶᠢᠨ ᠴᠣᠭᠴᠠ︾ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠵᠢᠩᠬᠢᠨᠢ ᠪᠠᠷ ᠡᠬᠢᠯᠡᠭᠦᠯᠪᠡ᠃              ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠡᠯ᠎ᠡ ᠪᠦᠷᠢᠯᠳᠦᠭᠦᠨ ᠨᠢᠭᠡᠴᠢ ᠨᠦᠭᠦᠳ ᠢ ᠬᠠᠮᠲᠤᠪᠠᠷ ᠬᠥᠲᠥᠯᠥᠨ ᠳᠠᠭᠠᠭᠤᠯᠵᠤ᠂ 3 ᠵᠢᠯ ᠤᠨ ︽ᠲᠠᠪᠤᠨ ᠲᠦᠮᠡᠨ ᠠᠵᠤ ᠦᠢᠯᠡᠰ ᠤᠨ ᠠᠵᠢᠯᠴᠢᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︾ ᠢ ᠬᠡᠷᠡᠭᠵᠢᠭᠦᠯᠬᠦ ᠪᠠᠷ ᠠᠴᠢᠶᠠᠯᠠᠪᠤᠷᠢ ᠪᠣᠯᠭᠠᠵᠤ᠂ ᠠᠵᠤ ᠦᠢᠯᠡᠰ ᠢᠶᠠᠷ ᠰᠤᠷᠭᠠᠨ ᠬᠥᠮᠦᠵᠢᠯ ᠢ ᠬᠦᠳᠦᠯᠬᠦ᠂ ᠠᠵᠤ ᠦᠢᠯᠡᠰ ᠢᠶᠠᠷ ᠰᠤᠷᠭᠠᠨ ᠬᠥᠮᠦᠵᠢᠯ ᠢ ᠲᠣᠭᠲᠠᠭᠠᠬᠤ᠂ ᠠᠵᠤ ᠦᠢᠯᠡᠰ ᠢᠶᠠᠷ ᠰᠤᠷᠭᠠᠨ ᠬᠥᠮᠦᠵᠢᠯ ᠢ ᠠᠬᠢᠭᠤᠯᠬᠤ ᠠᠵᠤ ᠦᠢᠯᠡᠰ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ᠂ ᠬᠠᠮᠵᠢᠯᠴᠠᠨ ᠬᠥᠮᠥᠨ ᠬᠥᠮᠥᠵᠢᠭᠦᠯᠬᠦ ᠵᠠᠭᠪᠤᠷ ᠢ ᠪᠠᠶᠢᠭᠤᠯᠵᠤ᠂ ᠨᠡᠩ ᠤᠯᠠᠨ ᠥᠨᠳᠥᠷ ᠬᠡᠪ ᠪᠣᠯᠪᠠᠰᠤᠷᠠᠯ ᠲᠠᠢ ᠤᠷ᠎ᠠ ᠮᠡᠷᠭᠡᠰᠢᠯ ᠲᠠᠢ ᠴᠢᠳᠠᠪᠤᠷᠢᠲᠠᠨ ᠢ ᠬᠥᠮᠥᠵᠢᠭᠦᠯᠵᠦ᠂ ᠪᠦᠬᠦ ᠬᠤᠲᠠ ᠶᠢᠨ ᠠᠵᠤ ᠦᠢᠯᠡᠰ ᠪᠠ ᠰᠤᠷᠭᠠᠨ ᠬᠥᠮᠦᠵᠢᠯ ᠤᠨ ᠠᠭᠤᠰᠤᠯᠴᠠᠯ ᠤᠨ ᠭᠦᠨᠵᠡᠭᠡᠢᠷᠡᠨ ᠬᠥᠭᠵᠢᠬᠦ ᠶᠢ ᠠᠬᠢᠭᠤᠯᠬᠤ ᠳᠤ ︽ᠰᠠᠶᠢᠬᠠᠨ ᠲᠤᠷᠰᠢᠯᠭ᠎ᠠ︾ ᠬᠠᠩᠭᠠᠵᠤ᠂ ︽ᠠᠵᠤ ᠦᠢᠯᠡᠰ ᠪᠠ ᠰᠤᠷᠭᠠᠨ ᠬᠥᠮᠦᠵᠢᠯ ᠤᠨ ᠠᠭᠤᠰᠤᠯᠴᠠᠯ + ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ︾ ᠶᠢᠨ ᠰᠢᠨ᠎ᠡ ᠠᠷᠭ᠎ᠠ ᠵᠠᠮ ᠢ ᠰᠦᠪᠡᠭᠴᠢᠯᠡᠬᠦ ᠪᠤᠯᠤᠨ᠎ᠠ᠃
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号