2024 ᠣᠨ ᠤ ᠪᠥᠬᠦ ᠲᠤᠭᠤᠷᠢᠭ ᠤᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠬᠦᠷᠢᠶᠡᠨ ᠤ ︽ᠰᠢᠨ᠎ᠡ ᠵᠢᠯ︾᠂ ︽ᠴᠠᠭᠠᠨ ᠰᠠᠷ᠎ᠠ︾ ᠶᠢᠨ ᠬᠤᠭᠤᠴᠠᠭᠠᠨ ᠳᠠᠬᠢ ᠠᠶᠤᠯᠭᠦᠶ ᠦᠢᠯᠡᠳᠪᠦᠷᠢᠯᠡᠯ ᠤᠨ ᠠᠵᠢᠯ ᠢ ᠦᠨᠡᠨᠬᠦ ᠰᠠᠶᠢᠲᠤᠷ ᠬᠢᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/1/31
     ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠪᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ︽ᠰᠢᠨ᠎ᠡ ᠵᠢᠯ︾᠂ ︽ᠴᠠᠭᠠᠨ ᠰᠠᠷ᠎ᠠ︾ ᠶᠢᠨ ᠬᠤᠭᠤᠴᠠᠭᠠᠨ ᠳᠠᠬᠢ ᠠᠶᠤᠯᠭᠦᠶ ᠦᠢᠯᠡᠳᠪᠦᠷᠢᠯᠡᠯ ᠤᠨ ᠮᠡᠳᠡᠭᠳᠡᠯ ᠤᠨ ᠵᠣᠷᠢᠭ ᠰᠠᠨᠠᠭ᠎ᠠ ᠪᠠ ᠮᠠᠨ ᠤ ᠲᠤᠭᠤᠷᠢᠭ ᠤᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ  ᠨᠠᠶᠢᠳᠠᠪᠤᠷᠢᠵᠢᠭᠤᠯᠬᠤ ᠶᠢᠨ ᠲᠦᠯᠦᠭᠡ᠂ ᠮᠠᠨ ᠤ ᠲᠤᠭᠤᠷᠢᠭ ᠤᠨ 2024 ᠣᠨ ᠤ ︽ᠰᠢᠨ᠎ᠡ ᠵᠢᠯ ︾᠂ ︽ᠴᠠᠭᠠᠨ ᠰᠠᠷ᠎ᠠ︾ ᠶᠢᠨ ᠬᠤᠭᠤᠴᠠᠭᠠᠨ ᠳᠠᠬᠢ ᠠᠶᠤᠯᠭᠦᠶ ᠦᠢᠯᠡᠳᠪᠦᠷᠢᠯᠡᠯ ᠤᠨ ᠠᠵᠢᠯ ᠢ ᠦᠨᠡᠨᠬᠦ ᠰᠠᠶᠢᠲᠤᠷ ᠬᠢᠵᠦ᠂ ᠡᠯ᠎ᠡ ᠲᠥᠷᠥᠯ ᠤᠨ ᠠᠳᠡᠯ ᠢ ᠪᠦᠲᠦᠮᠵᠢᠲᠡᠶ ᠰᠡᠷᠭᠡᠶᠢᠯᠡᠨ ᠬᠤᠷᠢᠭᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠢ ᠪᠥᠬᠦ ᠬᠦᠴᠦᠨ ᠢᠶᠠᠷ ᠢᠶᠠᠨ ᠬᠠᠮᠠᠭᠠᠯᠠᠨ᠎ᠠ᠂ ᠡᠳᠦᠭᠡ ᠬᠤᠯᠪᠣᠭᠳᠠᠯ ᠪᠥᠬᠦᠶ ᠱᠠᠭᠠᠷᠳᠠᠯᠭ᠎ᠠ ᠶᠢ ᠳᠣᠤᠷᠠᠬᠢ ᠮᠡᠲᠦ ᠮᠡᠳᠡᠭᠳᠡᠶ᠎ᠡ᠄      ᠨᠢᠭᠡ᠂ ᠲᠠᠨᠢᠯᠲᠠ ᠪᠠᠨ ᠳᠡᠭᠡᠭᠰᠢᠯᠡᠭᠦᠯᠵᠦ᠂ ︽ᠰᠢᠨ᠎ᠡ ᠵᠢᠯ︾᠂ ︽ᠴᠠᠭᠠᠨ ᠰᠠᠷ᠎ᠠ︾ ᠶᠢᠨ ᠬᠤᠭᠤᠴᠠᠭᠠᠨ ᠳᠠᠬᠢ ᠠᠶᠤᠯᠭᠦᠶ ᠦᠢᠯᠡᠳᠪᠦᠷᠢᠯᠡᠯ ᠤᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠦᠨᠡᠨᠬᠦ ᠴᠢᠩᠭᠠᠳᠬᠠᠬᠤ ᠬᠡᠷᠡᠭᠲᠡᠶ      ︽ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠴᠥᠬᠦᠷᠡᠰᠢ ᠦᠭᠡᠢ ᠪᠠᠶᠢᠩᠭᠤ ᠠᠳᠬᠤᠬᠤ︾ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠵᠢᠯ ᠤᠨ ᠡᠴᠦᠰ ᠵᠢᠯ ᠤᠨ ᠡᠬᠢᠨ ᠤ ︽ᠬᠤᠶᠠᠷ ᠪᠠᠶᠠᠷ︾ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ᠃ ᠡᠭᠦᠨ ᠤ ᠵᠡᠷᠭᠡᠴᠡᠭᠡᠪᠡᠷ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠤᠯᠠᠮ ᠨᠢᠭᠡ ᠠᠯᠬᠤᠮ ᠲᠣᠳᠣᠷᠬᠠᠶᠢᠯᠠᠨ ᠨᠠᠶᠢᠳᠠᠪᠤᠷᠢᠵᠢᠭᠤᠯᠵᠤ᠂ ᠱᠡᠳᠦ ᠱᠡᠳᠦ ᠪᠠᠷ ᠢᠶᠠᠨ ᠠᠳᠬᠤᠵᠤ᠂ ᠱᠡᠳᠦ ᠱᠡᠳᠦ ᠪᠠᠷ ᠨᠠᠶᠢᠳᠠᠪᠤᠷᠢᠵᠢᠭᠤᠯᠬᠤ ᠶᠢ ᠠᠳᠬᠤᠬᠤ ᠬᠡᠷᠡᠭᠲᠡᠶ᠃ ᠬᠠᠷᠢᠶ᠎ᠠ ᠣᠷᠣᠨ ᠤ ᠡᠯ᠎ᠡ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠤᠳ ᠠᠶᠤᠯᠭᠦᠶ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠤᠨ ᠪᠠᠭᠤᠷᠠᠢ ᠭᠤᠭᠴᠤᠭ᠎ᠠ ᠶᠢ ᠭᠦᠨᠵᠡᠭᠡᠢ ᠡᠷᠢᠵᠦ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠲᠦᠷᠢᠮ ᠠᠷᠭ᠎ᠠ ᠬᠡᠮᠵᠢᠶ᠎ᠡ ᠶᠢᠨ ᠳᠤᠲᠠᠭᠳᠠᠯ ᠢ ᠬᠤᠷᠢᠭᠯᠠᠵᠤ᠂ ᠬᠡᠷᠡᠭᠵᠢᠭᠦᠯᠬᠦ ᠬᠦᠴᠦᠨ ᠤ ᠳᠤᠲᠠᠭᠤᠳᠠᠯ ᠢ ᠨᠥᠬᠦᠪᠥᠷᠢᠯᠡᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ ᠠᠷᠢᠯᠭᠠᠵᠤ᠂ ᠬᠦᠨᠳᠦ ᠶᠡᠭᠡ ᠭᠡᠮ ᠰᠣᠭᠤᠭ ᠢ ᠡᠷᠡᠰ ᠪᠠᠶᠢᠴᠠᠭᠠᠨ ᠴᠡᠭᠴᠡᠯᠡᠨ ᠵᠠᠰᠠᠵᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠡᠯ᠎ᠡ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ᠂ ᠲᠣᠰᠣ ᠨᠡᠮᠡᠬᠦ ᠥᠷᠲᠡᠭᠡ᠂ ᠢᠳᠡᠭᠡᠨ ᠤᠮᠳᠠᠭᠠᠨ ᠤ ᠠᠵᠤ ᠠᠬᠤᠶᠢᠯᠠᠯ ᠵᠡᠷᠭᠡ ᠨᠢ ᠡᠯ᠎ᠡ ᠵᠦᠢᠯ ᠤᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠠᠷᠠᠯᠲᠠ ᠪᠠᠨ ᠲᠣᠳᠣᠷᠬᠠᠶᠢᠯᠠᠵᠤ᠂ ᠠᠷᠭ᠎ᠠ ᠬᠡᠮᠵᠢᠶ᠎ᠡ ᠪᠠᠨ ᠪᠣᠳᠠᠲᠠᠶᠢᠵᠢᠭᠤᠯᠵᠤ᠂ ᠬᠠᠷᠢᠭᠤᠴᠠᠯᠭ᠎ᠠ ᠶᠢ ᠬᠥᠮᠦᠨ ᠳᠤᠨᠢ ᠨᠠᠶᠢᠳᠠᠪᠤᠷᠢᠵᠢᠭᠤᠯᠬᠤ ᠬᠡᠷᠡᠭᠲᠡᠶ᠃      ᠬᠤᠶᠠᠷ᠂ ᠭᠤᠣᠯᠳᠠᠯᠭ᠎ᠠ ᠶᠢ ᠲᠤᠪᠤᠶᠢᠯᠭᠠᠨ᠂ ︽ᠰᠢᠨ᠎ᠡ ᠵᠢᠯ︾᠂ ︽ᠴᠠᠭᠠᠨ ᠰᠠᠷ᠎ᠠ︾ ᠶᠢᠨ ᠬᠤᠭᠤᠴᠠᠭᠠᠨ ᠤ ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠬᠦ ᠬᠡᠷᠡᠭᠲᠡᠶ      ᠵᠢᠯ ᠤᠨ ᠡᠴᠦᠰ᠂ ᠵᠢᠯ ᠤᠨ ᠡᠬᠢᠨ ᠤ ︽ᠬᠤᠶᠠᠷ ᠪᠠᠶᠠᠷ︾ ᠤᠨ ᠬᠤᠭᠤᠴᠠᠭᠠᠨ ᠳᠤ ᠬᠥᠮᠦᠨ ᠤ ᠤᠷᠤᠰᠬᠠᠯ᠂ ᠲᠡᠷᠭᠡᠨ ᠤ ᠤᠷᠤᠰᠬᠠᠯ᠂ ᠪᠠᠷᠠᠭᠠᠨ ᠤ ᠭᠦᠢᠯᠭᠡᠭᠡ ᠲᠥᠪᠯᠡᠷᠡᠵᠦ᠂ ᠤᠰᠤ᠂ ᠴᠠᠬᠢᠯᠭᠠᠨ᠂ ᠨᠡᠭᠦᠷᠡᠰᠦ᠂ ᠬᠡᠶ ᠬᠡᠷᠡᠭᠯᠡᠬᠦ ᠨᠢ ᠨᠡᠮᠡᠭᠳᠡᠵᠦ᠂ ᠪᠣᠷᠣᠭᠠᠨ ᠴᠠᠰᠤ ᠮᠥᠰᠥᠲᠦᠬᠦ᠂ ᠶᠡᠭᠡ ᠰᠠᠯᠬᠢᠨ ᠬᠦᠢᠲᠡᠨ ᠤᠷᠤᠰᠬᠠᠯ᠂ ᠪᠥᠭᠡᠮ ᠮᠠᠨᠠᠨ ᠵᠡᠷᠭᠡ ᠭᠠᠮᠰᠢᠭᠲᠤ ᠴᠠᠭ ᠠᠭᠤᠷ ᠪᠠᠶᠢᠨ ᠳᠠᠬᠢᠨ ᠡᠭᠦᠰᠴᠦ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠰᠣᠯᠪᠢᠴᠠᠨ ᠳᠠᠪᠬᠤᠴᠠᠵᠤ᠂ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠲᠦᠢᠯ ᠤᠨ ᠬᠦᠨᠳᠦ ᠨᠣᠴᠢᠲᠠᠶ ᠪᠠᠶᠢᠨ᠎ᠠ᠃ ᠡᠯ᠎ᠡ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ᠂ ᠲᠣᠰᠣ ᠨᠡᠮᠡᠬᠦ ᠥᠷᠲᠡᠭᠡ᠂ ᠢᠳᠡᠭᠡᠨ ᠤᠮᠳᠠᠭᠠᠨ ᠤ ᠠᠵᠤ ᠠᠬᠤᠶᠢᠯᠠᠯ ᠵᠡᠷᠭᠡ ᠨᠢ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠳᠠᠯᠳᠠ ᠬᠡᠮ ᠢ ᠵᠠᠰᠠᠬᠤ ᠬᠠᠷᠢᠭᠤᠴᠠᠯᠭ᠎ᠠ ᠶᠢᠨ ᠲᠦᠷᠢᠮ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠲᠦᠭᠰᠢᠭᠦᠷᠢ ᠶᠢ ᠴᠠᠭ ᠲᠤᠬᠠᠶ ᠳᠤᠨᠢ ᠪᠦᠲᠦᠮᠵᠢᠲᠡᠶ ᠠᠷᠢᠯᠭᠠᠬᠤ ᠬᠡᠷᠡᠭᠲᠡᠶ᠃ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠲᠠᠯᠳᠠ ᠭᠡᠮ ᠢ ᠭᠦᠨᠵᠡᠭᠡᠶ ᠵᠢᠭᠰᠠᠭᠠᠨ ᠪᠠᠶᠢᠴᠠᠭᠠᠵᠤ ᠵᠠᠰᠠᠨ᠂ ᠡᠯ᠎ᠡ ᠲᠥᠷᠥᠯ ᠤᠨ ᠲᠠᠯᠳᠠ ᠭᠡᠮ ᠢ ᠴᠠᠭ ᠲᠤᠬᠠᠶ ᠳᠤᠨᠢ ᠢᠯᠡᠷᠡᠭᠦᠯᠵᠦ ᠰᠢᠢᠳᠪᠦᠷᠢᠯᠡᠬᠦ ᠬᠡᠷᠡᠭᠲᠡᠶ᠃ ᠭᠠᠯ ᠤᠨᠲᠠᠷᠠᠭᠠᠬᠤ ᠪᠡᠯᠡᠳᠬᠡᠮᠵᠢ᠂ ᠲᠠᠷᠬᠠᠭᠠᠨ ᠶᠠᠪᠤᠭᠤᠯᠬᠤ ᠨᠡᠪᠳᠡᠷᠡᠯ ᠵᠠᠮ᠂ ᠴᠠᠬᠢᠯᠭᠠᠨ ᠤ ᠱᠤᠭᠤᠮ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠵᠤ᠂ ᠭᠠᠯ ᠤᠨ ᠠᠶᠤᠯ ᠤᠨ ᠲᠦᠭᠰᠢᠭᠦᠷᠢ ᠶᠢ ᠪᠦᠲᠦᠮᠵᠢᠲᠡᠶ ᠬᠠᠮᠢᠶᠠᠷᠤᠨ ᠡᠵᠡᠮᠳᠡᠵᠦ᠂ ᠭᠠᠯ ᠤᠨ ᠠᠶᠤᠯ ᠤᠨ ᠲᠠᠯᠳᠠ ᠭᠡᠮ ᠢ ᠴᠠᠭ ᠲᠤᠬᠠᠶ ᠳᠤᠨᠢ ᠠᠷᠢᠯᠭᠠᠵᠤ᠂ ᠭᠠᠯ ᠤᠨ ᠠᠶᠤᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠡᠭᠦᠨ ᠤ ᠬᠠᠮᠲᠤ ᠡᠪᠦᠯ ᠤᠨ ᠤᠯᠠᠷᠢᠯ ᠪᠣᠯ ᠪᠠᠰᠠ ᠴᠤ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠠᠮᠠᠷᠬᠠᠨ ᠡᠭᠦᠰᠬᠦ ᠬᠤᠭᠤᠴᠠᠭ᠎ᠠ ᠪᠠ ᠣᠯᠠᠨ ᠡᠭᠦᠰᠬᠦ ᠬᠤᠭᠤᠴᠠᠭ᠎ᠠ ᠪᠣᠯᠤᠨ᠎ᠠ᠂ ᠠᠵᠢᠯᠲᠠᠳ ᠢ ᠰᠢᠮᠳᠠᠭᠤᠯᠵᠤ ᠪᠠᠶᠢᠭᠠᠳ ᠠᠶᠤᠯᠭᠦᠶ ᠦᠢᠯᠡᠳᠪᠦᠷᠢᠯᠡᠯ ᠤᠨ ᠦᠵᠡᠯ ᠤᠬᠠᠮᠰᠠᠷ ᠢ ᠨᠢ ᠳᠡᠭᠡᠭᠰᠢᠯᠡᠭᠦᠯᠵᠦ᠂ ᠡᠯ᠎ᠡ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠤᠳ ᠠᠮᠤᠷ ᠲᠦᠪᠰᠢᠨ ᠤ ᠬᠡᠮ ᠰᠣᠭᠤᠭ ᠤᠨ ᠪᠠᠶᠢᠴᠠᠭᠠᠯᠲᠠ ᠶᠢ ᠥᠷᠨᠢᠭᠦᠯᠦᠨ ᠥᠪᠡᠷ ᠲᠡᠭᠡᠨ ᠪᠠᠶᠢᠴᠠᠭᠠᠵᠤ ᠥᠪᠡᠷ ᠲᠡᠭᠡᠨ ᠵᠠᠯᠠᠷᠠᠭᠤᠯᠬᠤ ᠲᠠᠩᠰᠠ ᠡᠪᠬᠡᠮᠡᠯ ᠢ ᠪᠣᠶ ᠪᠣᠯᠭᠠᠵᠤ᠂ ᠠᠰᠠᠭᠤᠳᠠᠯ ᠲᠠᠢ ᠬᠡᠮ ᠰᠣᠭᠤᠭ ᠢ ︽ᠡᠷᠭᠢᠵᠦ ᠬᠠᠷᠠᠬᠤ︾ ᠠᠵᠢᠯ ᠢ ᠥᠷᠨᠢᠭᠦᠯᠦᠨ᠂ ᠪᠠᠷᠢᠯᠭ᠎ᠠ ᠶᠢᠨ ᠠᠵᠢᠯᠲᠠᠳ ᠤᠨ ᠥᠨᠳᠥᠷ ᠲᠤ ᠠᠪᠠᠷᠢᠨ ᠠᠵᠢᠯᠯᠠᠬᠤ ᠪᠠ ᠲᠤᠬᠠᠶ ᠶᠢᠨ ᠲᠠᠯᠠᠪᠤᠷ ᠲᠤ ᠲᠦᠷ ᠴᠠᠭ ᠴᠠᠬᠢᠯᠭᠠᠨ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠵᠤ᠂ ᠲᠣᠨᠤᠭ ᠲᠥᠬᠦᠭᠡᠷᠦᠮᠵᠢ ᠬᠥᠷᠪᠡᠬᠦ᠂ ᠥᠨᠳᠥᠷ ᠠᠴᠠ ᠤᠨᠠᠬᠤ ᠪᠠ ᠭᠠᠯ ᠤᠨ ᠠᠶᠤᠯ ᠵᠡᠷᠭᠡ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠥᠨᠳᠥᠷ ᠳᠡᠭᠡᠷ᠎ᠡ ᠠᠵᠢᠯᠯᠠᠬᠤ ᠪᠤᠶᠤ ᠠᠶᠤᠯ ᠲᠠᠢ ᠠᠵᠢᠯᠯᠠᠬᠤ ᠦᠶ᠎ᠡ ᠳᠤ ᠠᠵᠤ ᠠᠬᠤᠶᠢᠯᠠᠯ ᠨᠢ ᠠᠮᠤᠷ ᠲᠦᠪᠰᠢᠨ ᠤ ᠬᠢᠨᠠᠯᠲᠠ ᠲᠠᠯᠪᠢᠭᠴᠢ ᠶᠢ ᠲᠣᠮᠢᠯᠠᠵᠤ ᠪᠥᠬᠦ ᠶᠠᠪᠤᠴᠠ ᠳᠤ ᠬᠢᠨᠠᠯᠲᠠ ᠲᠠᠯᠪᠢᠭᠤᠯᠬᠤ ᠬᠡᠷᠡᠭᠲᠡᠶ᠃      ᠡᠯ᠎ᠡ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠤᠳ ︽ᠬᠤᠶᠠᠷ ᠪᠠᠶᠠᠷ︾ ᠤᠨ ᠬᠤᠭᠤᠴᠠᠭᠠᠨ ᠳᠠᠬᠢ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢᠨ ᠣᠨᠴᠠᠯᠢᠭ ᠲᠤ ᠴᠢᠭᠯᠡᠭᠦᠯᠦᠨ᠂ ᠠᠮᠤᠷ ᠲᠦᠪᠰᠢᠨ ᠤ ᠠᠵᠢᠯ ᠤᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠣᠯᠠᠨ ᠲᠦᠮᠡᠨ ᠤ ᠥᠪᠡᠷ ᠢ ᠪᠠᠨ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ᠃ ᠡᠯ᠎ᠡ ᠵᠦᠢᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠣᠷᠣᠨ ᠪᠠᠶᠢᠷᠢ᠂ ᠭᠤᠣᠯᠳᠠᠯᠭ᠎ᠠ ᠲᠠᠢ ᠣᠷᠣᠨ ᠪᠦᠰᠡ ᠶᠢ ᠴᠡᠭᠴᠡᠯᠡᠨ ᠵᠠᠰᠠᠬᠤ ᠪᠠ ᠬᠠᠮᠢᠶᠠᠷᠬᠤ ᠪᠠᠨ ᠴᠢᠩᠭᠠᠳᠬᠠᠵᠤ᠂ ᠬᠦᠨᠳᠦ ᠶᠡᠭᠡ ᠠᠳᠡᠯ ᠤᠨ ᠲᠠᠯᠳᠠ ᠭᠡᠮ ᠪᠠ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢ ᠪᠦᠲᠦᠮᠵᠢᠲᠡᠶ ᠪᠠᠷ ᠬᠢᠨᠠᠨ ᠡᠵᠡᠮᠳᠡᠬᠦ ᠪᠠ ᠵᠠᠰᠠᠨ᠎ᠠ᠃ ᠭᠠᠯ ᠤᠨᠲᠠᠷᠠᠭᠠᠬᠤ ᠪᠡᠯᠡᠳᠬᠡᠮᠵᠢ᠂ ᠠᠶᠤᠯᠲᠠᠶ ᠬᠢᠮᠢ ᠶᠢᠨ ᠪᠣᠳᠠᠰ᠂ ᠬᠤᠸᠠᠷ ᠫᠤᠤᠵᠢᠩ᠂ ᠴᠠᠬᠢᠯᠭᠠᠨ ᠬᠡᠷᠡᠭᠰᠡᠯ ᠤᠨ ᠲᠥᠬᠦᠭᠡᠷᠦᠮᠵᠢ᠂ ᠵᠠᠮ ᠱᠤᠭᠤᠮ᠂ ᠣᠨᠴᠠ ᠲᠥᠷᠥᠯ ᠤᠨ ᠲᠥᠬᠦᠭᠡᠷᠦᠮᠵᠢ᠂ ᠨᠣᠴᠣᠮᠠᠲᠠᠭᠠᠶ ᠳᠡᠯᠪᠡᠷᠡᠮᠡᠲᠡᠭᠡᠶ᠂ ᠥᠨᠳᠥᠷ ᠳᠤᠯᠠᠭᠠᠨ ᠥᠨᠳᠥᠷ ᠳᠠᠷᠤᠯᠲᠠ᠂ ᠤᠨᠴᠠᠭᠠᠢ ᠠᠵᠢᠯ ᠤᠨ ᠪᠠᠶᠢᠷᠢ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠪᠠ ᠬᠦᠷᠢᠶ᠎ᠡ ᠴᠠᠷᠠᠭ᠎ᠠ ᠶᠢᠨ ᠠᠳᠡᠯ ᠤᠨ ᠳᠠᠯᠳᠠ ᠬᠡᠮ ᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠨ᠎ᠠ᠃ ᠣᠯᠵᠤ ᠮᠡᠳᠡᠭᠰᠡᠨ ᠡᠯ᠎ᠡ ᠵᠦᠢᠯ ᠤᠨ ᠠᠳᠡᠯ ᠤᠨ ᠲᠡᠯᠳᠠ ᠭᠡᠮ ᠢ ᠨᠠᠷᠢᠨ ᠬᠢᠨᠠᠮᠠᠭᠠᠶ ᠪᠠᠷ ᠴᠡᠭᠴᠡᠯᠡᠨ ᠰᠠᠶᠢᠵᠢᠷᠠᠭᠤᠯᠵᠤ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠬᠡᠷᠡᠭᠲᠡᠶ᠃      ᠣᠳᠣ ᠮᠠᠨ ᠤ ᠲᠤᠭᠤᠷᠢᠭ ᠤᠨ ᠬᠤᠳᠠᠯᠳᠤᠭᠠᠨ ᠤ ᠶᠡᠷᠦᠩᠬᠡᠶ ᠴᠣᠭᠴᠠ ᠶᠢᠨ ᠬᠡᠮᠵᠢᠶ᠎ᠡ ᠶᠡᠭᠡ᠂ ᠲᠠᠷᠬᠠᠯᠲᠠ ᠪᠠᠷ ᠥᠷᠭᠡᠨ᠂ ᠬᠥᠮᠦᠨ ᠬᠠᠷ᠎ᠠ ᠨᠢᠭᠲᠠᠷᠠᠨ ᠰᠢᠲᠠᠮᠠᠬᠠᠶ ᠬᠡᠶ ᠬᠡᠷᠡᠭᠯᠡᠬᠦ ᠠᠮᠤᠷ ᠲᠦᠪᠰᠢᠨ ᠲᠦᠢᠯ ᠤᠨ ᠴᠢᠬᠤᠯᠠ ᠪᠠᠶᠢᠳᠠᠭ᠃ ᠰᠢᠲᠠᠮᠠᠬᠠᠶ ᠬᠡᠶ ᠶᠢᠨ ᠠᠳᠡᠯ ᠭᠠᠷᠬᠤ ᠶᠢ ᠰᠡᠷᠭᠡᠶᠢᠯᠡᠬᠦ ᠪᠠ ᠪᠠᠭᠠᠰᠬᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠪᠠ ᠣᠯᠠᠨ ᠨᠡᠶᠢᠲᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ᠪᠥᠬᠦ ᠲᠤᠭᠤᠷᠢᠭ ᠤᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠰᠢᠲᠠᠮᠠᠬᠠᠶ ᠬᠡᠶ ᠬᠡᠷᠡᠭᠯᠡᠵᠦ ᠪᠠᠶᠢᠭ᠎ᠠ ᠠᠵᠤ ᠠᠬᠤᠶᠢᠯᠠᠯ ᠤᠨ ᠬᠤᠳᠠᠯᠳᠤᠭᠠᠴᠢᠨ ᠡᠷᠦᠬᠡ ᠶᠢ ᠡᠷᠬᠡᠪᠰᠢ ︽ᠠᠶᠤᠯᠭᠦᠶ ᠦᠢᠯᠡᠳᠪᠦᠷᠢᠯᠡᠯ ᠤᠨ ᠬᠠᠤᠯᠢ︾᠂ ︽ᠭᠠᠯ ᠤᠨᠲᠠᠷᠠᠭᠠᠬᠤ ᠬᠠᠤᠯᠢ︾᠂ ︽ᠬᠤᠲᠠ ᠪᠠᠯᠭᠠᠰᠤ ᠶᠢᠨ ᠰᠢᠲᠠᠮᠠᠬᠠᠶ ᠬᠡᠶ ᠶᠢᠨ ᠬᠠᠮᠢᠶᠠᠷᠤᠯᠲᠠ ᠶᠢᠨ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠰᠢᠲᠠᠮᠠᠬᠠᠶ ᠬᠡᠶ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ ᠭᠡᠵᠦ ᠱᠠᠭᠠᠷᠳᠠᠪᠠ᠃      ᠭᠤᠷᠪᠠ᠂ ᠰᠠᠬᠢᠯᠭ᠎ᠠ ᠪᠠᠲᠤ ᠶᠢ ᠴᠢᠩᠳᠠᠯᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠦᠨ᠂ ︽ᠰᠢᠨ᠎ᠡ ᠵᠢᠯ︾᠂ ︽ᠴᠠᠭᠠᠨ ᠰᠠᠷ᠎ᠠ︾ ᠶᠢᠨ ᠬᠤᠭᠤᠴᠠᠭᠠᠨ ᠳᠠᠬᠢ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠬᠦ ᠬᠡᠷᠡᠭᠲᠡᠶ      ︽ᠬᠤᠶᠠᠷ ᠪᠠᠶᠠᠷ︾ ᠤᠨ ᠬᠤᠭᠤᠴᠠᠭᠠᠨ ᠳᠤ ᠡᠯ᠎ᠡ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ᠂ ᠲᠣᠰᠣ ᠨᠡᠮᠡᠬᠦ ᠥᠷᠲᠡᠭᠡ᠂ ᠢᠳᠡᠭᠡᠨ ᠤᠮᠳᠠᠭᠠᠨ ᠵᠡᠷᠭᠡ ᠠᠵᠤ ᠠᠬᠤᠶᠢᠯᠠᠯ ᠤᠳ ᠵᠢᠵᠢᠭᠦᠷ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠢᠵᠢᠭᠦᠷ ᠤᠨ ᠲᠦᠷᠢᠮ ᠪᠠ ᠤᠳᠤᠷᠢᠳᠤᠯᠭ᠎ᠠ ᠶᠢᠨ ᠵᠢᠵᠢᠭᠦᠷ ᠤᠨ ᠲᠦᠷᠢᠮ ᠢ ᠴᠢᠩᠭ᠎ᠠ ᠬᠡᠷᠡᠭᠵᠢᠭᠦᠯᠵᠦ᠂ ᠵᠢᠵᠢᠭᠦᠷ ᠤᠨ ᠤᠳᠤᠷᠢᠳᠤᠯᠭ᠎ᠠ ᠪᠠ ᠵᠢᠵᠢᠭᠦᠷᠯᠡᠭᠴᠢ ᠶᠢᠨ 24 ᠴᠠᠭ ᠤᠨ ᠮᠡᠳᠡᠭᠡ ᠵᠠᠩᠭᠢ ᠶᠢᠨ ᠵᠠᠮ ᠮᠥᠷ ᠤᠨ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠬᠡᠷᠡᠭᠲᠡᠶ᠃ ᠠᠳᠡᠯ ᠪᠤᠶᠤ ᠲᠦᠭᠰᠢᠭᠦᠷᠢᠲᠦ ᠪᠠᠶᠢᠳᠠᠯ ᠭᠠᠷᠬᠤ ᠳᠤ ᠬᠦᠷᠪᠡᠯ᠂ ᠠᠶᠤᠯ ᠠᠴᠠ ᠠᠪᠤᠷᠠᠬᠤ ᠠᠵᠢᠯ ᠢ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠵᠤ᠂ ᠬᠥᠮᠦᠨ ᠤ ᠦᠬᠦᠯ ᠰᠢᠷᠬᠠᠲᠤᠯ ᠪᠠ ᠡᠳ᠋ ᠬᠦᠷᠦᠩᠭᠡ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠪᠤᠰᠤᠳ ᠠᠰᠠᠭᠤᠳᠠᠯ ᠡᠭᠦᠰᠬᠦ ᠶᠢ ᠰᠡᠷᠭᠡᠶᠢᠯᠡᠬᠦ ᠬᠡᠷᠡᠭᠲᠡᠶ᠃ ᠠᠳᠡᠯ ᠤᠨ ᠮᠡᠳᠡᠭᠡ ᠵᠠᠩᠭᠢ ᠪᠠ ᠪᠤᠰᠤᠳ ᠴᠢᠬᠤᠯᠠ ᠮᠡᠳᠡᠭᠡ ᠵᠠᠩᠭᠢ ᠶᠢ ᠴᠠᠭ ᠲᠤᠬᠠᠶ ᠳᠤᠨᠢ ᠮᠡᠳᠡᠭᠦᠯᠦᠨ ᠬᠦᠷᠭᠡᠬᠦ ᠶᠢ ᠦᠨᠡᠨ ᠬᠦ ᠪᠠᠲᠤᠯᠠᠵᠤ᠂ ᠡᠯ᠎ᠡ ᠵᠦᠢᠯ ᠤᠨ ᠭᠡᠨᠡᠳᠲᠡ ᠶᠢᠨ ᠬᠡᠷᠡᠭ ᠢ ᠴᠠᠭ ᠲᠤᠬᠠᠶ ᠳᠤᠨᠢ ᠲᠣᠬᠢᠲᠠᠶ ᠰᠢᠢᠳᠪᠦᠷᠢᠯᠡᠵᠦ᠂ ᠤᠳᠠᠭᠠᠰᠢᠷᠠᠭᠤᠯᠤᠨ ᠮᠡᠳᠡᠭᠦᠯᠬᠦ᠂ ᠣᠷᠬᠢᠭᠳᠠᠭᠤᠯᠤᠨ ᠮᠡᠳᠡᠭᠦᠯᠬᠦ᠂ ᠬᠤᠳᠠᠯ ᠢᠶᠠᠷ ᠮᠡᠳᠡᠭᠦᠯᠬᠦ ᠵᠢᠴᠢ ᠮᠡᠳᠡᠭᠡ ᠵᠠᠩᠭᠢ ᠶᠢᠨ ᠬᠡᠳᠡᠷᠬᠦ ᠤᠷᠤᠰᠬᠤ ᠶᠢ ᠡᠷᠡᠰ ᠬᠤᠷᠢᠭᠯᠠᠬᠤ ᠬᠡᠷᠡᠭᠲᠡᠶ᠃ ᠡᠯ᠎ᠡ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ᠂ ᠲᠤᠰᠤ ᠨᠡᠮᠡᠬᠦ ᠦᠷᠳᠡᠭᠡ᠂ ᠢᠳᠡᠭᠡᠨ ᠤᠮᠳᠠᠭᠠᠨ ᠵᠡᠷᠭᠡ ᠠᠵᠤ ᠠᠬᠤᠶᠢᠯᠠᠯ ᠤᠳ ᠠᠶᠤᠯᠭᠦᠢ ᠦᠢᠯᠡᠳᠪᠦᠷᠢᠯᠡᠯ ᠤᠨ ᠠᠳᠡᠯ ᠪᠣᠯᠤᠨ ᠪᠤᠰᠤᠳ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠵᠦ᠂ ᠠᠳᠡᠯ ᠪᠤᠶᠤ ᠪᠠᠴᠢᠮ ᠪᠠᠶᠢᠳᠠᠯ ᠭᠠᠷᠤᠮᠠᠭᠴᠠ ᠠᠷᠭ᠎ᠠ ᠬᠡᠮᠵᠢᠶ᠎ᠡ ᠨᠢ ᠬᠦᠴᠦᠲᠡᠶ᠂  ᠠᠷᠭᠠᠴᠠᠭᠠᠬᠤ ᠨᠢ ᠵᠣᠬᠢᠰᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠡ ᠵᠠᠩᠭᠢ ᠶᠢ ᠴᠠᠭ ᠲᠤᠬᠠᠶ ᠳᠤᠨᠢ᠂ ᠣᠨᠣᠪᠴᠢᠲᠠᠶ ᠮᠡᠳᠡᠭᠦᠯᠬᠦ ᠬᠡᠷᠡᠭᠲᠡᠶ᠃      ᠬᠠᠷᠢᠯᠴᠠᠬᠤ ᠬᠥᠮᠦᠨ᠄ ᠸᠠᠩ ᠬᠤᠩ      ᠤᠲᠠᠰᠤ᠄ 18686084172      ᠠᠯᠪᠠᠨ ᠭᠡᠷ᠄ ︵0471 — 3954727︶      ᠰᠢᠦᠳᠠᠨ ᠬᠠᠶᠢᠷᠴᠠᠭ᠄ yqqswj@163.com          ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号