ᠬᠡᠤᠬᠡᠳ ᠤᠨ ᠴᠡᠴᠡᠷᠯᠢᠭ ᠤᠨ ᠬᠢᠴᠢᠶᠡᠯ ᠤᠨ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ
ᠨᠡᠶᠢᠲᠡᠯᠡᠭᠰᠡᠨ ᠴᠠᠭ᠄
2024/1/31
ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠄      ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠠᠬᠤ ᠮᠠᠲ᠋ᠧᠷᠢᠶᠠᠯ ᠤᠨ ᠵᠦᠪᠯᠡᠯ ᠤᠨ ᠠᠯᠪᠠᠨ ᠬᠡᠷ ᠤᠨ ︽ᠬᠡᠤᠬᠡᠳ ᠤᠨ ᠴᠡᠴᠡᠷᠯᠢᠭ ᠤᠨ ᠬᠢᠴᠢᠶᠡᠯ ᠤᠨ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠢᠯᠭᠠᠷᠠᠭᠤᠯᠤᠨ ᠴᠡᠭᠴᠡᠯᠡᠵᠦ ᠵᠠᠰᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠢ ᠤᠯᠠᠮᠵᠢᠯᠠᠨ ᠲᠠᠷᠬᠠᠭᠠᠬᠤ ᠲᠤᠬᠠᠶ ᠱᠠᠭᠠᠷᠳᠠᠯᠭ᠎ᠠ ᠶᠣᠰᠣᠭᠠᠷ᠂ ᠮᠠᠨ ᠤ ᠲᠣᠪᠴᠢᠶ᠎ᠠ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠠᠵᠢᠯ ᠤᠨ ᠡᠭᠦᠷᠭᠡ ᠲᠠᠢ ᠪᠠᠨ ᠬᠠᠷᠢᠴᠠᠭᠤᠯᠵᠤ᠂ ᠬᠠᠷᠢᠶᠠᠲᠤ ᠤᠷᠤᠨ ᠤ ᠬᠡᠤᠬᠡᠳ ᠤᠨ ᠴᠡᠴᠡᠷᠯᠢᠭ ᠲᠤ ᠬᠢᠴᠢᠶᠡᠯ ᠤᠨ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠵᠢᠭᠰᠠᠭᠠᠨ ᠪᠠᠶᠢᠴᠠᠭᠠᠭᠰᠠᠨ ᠪᠠᠶᠢᠳᠠᠯ ᠢᠶᠠᠨ ᠳᠣᠤᠷᠠᠬᠢ ᠮᠡᠲᠦ ᠮᠡᠳᠡᠭᠦᠯᠦᠶ᠎ᠡ᠃      ᠨᠢᠭᠡ᠂ ᠠᠵᠢᠯ ᠤᠨ ᠪᠠᠶᠢᠷᠢᠯᠠᠭᠤᠯᠤᠯᠲᠠ ᠶᠢᠨ ᠪᠠᠶᠢᠳᠠᠯ      ᠮᠠᠨ ᠤ ᠲᠣᠪᠴᠢᠶ᠎ᠠ ᠬᠢᠴᠢᠶᠡᠯ ᠬᠥᠮᠦᠵᠢᠯ ᠤᠨ ᠡᠬᠢ ᠪᠠᠶᠠᠯᠢᠭ ᠢ ᠢᠯᠭᠠᠷᠠᠭᠤᠯᠤᠨ ᠴᠡᠭᠴᠡᠯᠡᠨ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠮᠡᠳᠡᠭᠳᠡᠯ ᠢ ᠣᠯᠤᠭᠰᠠᠨ ᠤ ᠳᠠᠷᠠᠭ᠎ᠠ ᠲᠡᠷᠡ ᠳᠠᠷᠤᠶ ᠳᠤᠨᠢ ᠠᠵᠢᠯ ᠤᠨ ᠲᠤᠰᠬᠠᠶ ᠠᠩᠭᠢ ᠪᠠᠶᠢᠭᠤᠯᠵᠤ᠂ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠷᠠᠯ ᠠᠴᠠ ᠱᠠᠭᠠᠷᠳᠠᠭᠰᠠᠨ ᠨᠢ᠄ ᠨᠢᠭᠡ ᠳᠤ ᠲᠤᠰᠬᠠᠶ ᠠᠩᠭᠢ ᠶᠢᠨ ᠪᠦᠷᠢᠯᠳᠦᠬᠦᠨ ᠨᠡᠷ ᠢᠯᠭᠠᠷᠠᠭᠤᠯᠤᠨ ᠳᠢᠭᠯᠡᠬᠦ ᠠᠵᠢᠯ ᠤᠨ ᠠᠰᠢᠭ ᠬᠠᠷᠠᠬᠤ ᠬᠠᠨᠳᠤᠰᠢ ᠶᠢ ᠬᠤᠪᠢᠷᠠᠭᠤᠯᠵᠤ᠂ ᠰᠤᠷᠭᠠᠨ ᠬᠥᠮᠦᠵᠢᠯ ᠤᠨ ᠠᠮᠢ ᠠᠬᠤᠶ ᠶᠢ ᠴᠡᠪᠡᠷᠰᠢᠭᠦᠯᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠴᠢᠭᠯᠡᠯ ᠢ ᠬᠥᠲᠥᠯᠥᠨ ᠵᠢᠯᠣᠭᠤᠳᠬᠤ ᠳᠤ ᠦᠵᠡᠭᠦᠯᠬᠦ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠶ᠃ ᠡᠩ ᠲᠡᠷᠢᠭᠦᠨ ᠳᠤ ᠡᠯ᠎ᠡ ᠬᠡᠤᠬᠡᠳ ᠤᠨ ᠴᠡᠴᠡᠷᠯᠢᠭ ᠤᠳ ᠪᠥᠬᠦ ᠲᠠᠯ᠎ᠠ ᠪᠠᠷ ᠥᠪᠡᠰᠦᠪᠡᠨ ᠪᠠᠶᠢᠴᠠᠭᠠᠵᠤ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠵᠣᠬᠢᠶᠠᠨ ᠪᠠᠶᠢᠭᠤᠯᠤᠨ ᠰᠤᠭᠤᠴᠢᠨ ᠪᠠᠶᠢᠴᠠᠭᠠᠵᠤ᠂ ᠨᠠᠵᠠᠭᠠᠶ ᠲᠠᠯ᠎ᠠ ᠶᠢᠨ ᠨᠠᠷᠢᠨ ᠲᠠᠩᠰᠠ ᠲᠠᠢ ᠬᠠᠷᠢᠴᠠᠭᠤᠯᠤᠨ ᠬᠡᠤᠬᠡᠳ ᠤᠨ ᠴᠡᠴᠡᠷᠯᠢᠭ ᠤᠨ ᠪᠠᠭᠰᠢ ᠶᠢᠨ ᠵᠢᠭᠠᠨ ᠵᠢᠯᠣᠭᠤᠳᠬᠤ ᠳᠤ ᠬᠡᠷᠡᠭᠯᠡᠬᠦ ᠨᠣᠮ᠂ ᠬᠡᠤᠬᠡᠳ ᠤᠨ ᠴᠡᠴᠡᠷᠯᠢᠭ ᠤᠨ ᠵᠢᠷᠤᠭᠲᠤ ᠨᠣᠮ᠂ ᠬᠡᠤᠬᠡᠳ ᠤᠨ ᠴᠡᠴᠡᠷᠯᠢᠭ ᠤᠨ ᠲᠣᠭᠲᠠᠭᠠᠯ ᠠᠴᠠ ᠵᠦᠷᠢᠴᠡᠭᠰᠡᠨ ᠬᠡᠤᠬᠡᠳ ᠤᠨ ᠵᠢᠭᠠᠬᠤ ᠮᠠᠲ᠋ᠧᠷᠢᠶᠠᠯ᠂ ᠰᠤᠷᠭᠠᠨ ᠬᠥᠮᠦᠵᠢᠯ ᠤᠨ ᠲᠥᠷᠥᠯ ᠤᠨ APP ᠵᠡᠷᠭᠡ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠬᠡᠷᠡᠭᠲᠡᠶ᠃ ᠬᠤᠶᠠᠷ ᠲᠤ ᠵᠢᠭᠰᠠᠭᠠᠨ ᠪᠠᠶᠢᠴᠠᠭᠠᠬᠤ ᠶᠠᠪᠤᠴᠠ ᠳᠤ ᠠᠰᠠᠭᠤᠳᠠᠯ ᠢ ᠣᠯᠵᠤ ᠮᠡᠳᠡᠪᠡᠯ ᠡᠷᠡᠰ ᠢᠶᠠᠷ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠪᠠᠷ ᠬᠦᠷᠦᠯᠴᠡᠬᠦ ᠥᠬᠡᠶ ᠪᠤᠶᠤ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ ᠬᠡᠤᠬᠡᠳ ᠤᠨ ᠴᠡᠴᠡᠷᠯᠢᠭ ᠲᠤ ᠪᠠᠶᠢᠳᠠᠯ ᠢ ᠨᠢ ᠦᠵᠡᠵᠦ ᠪᠠᠶᠢᠭᠠᠳ ᠰᠣᠷᠣᠭᠴᠢ ᠡᠯᠰᠡᠬᠦ ᠶᠢ ᠨᠢ ᠵᠣᠭᠰᠣᠭᠠᠬᠤ᠂ ᠰᠤᠷᠭᠠᠭᠤᠯᠢ ᠡᠷᠭᠢᠯᠡᠬᠦ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠥᠬᠡᠶ ᠪᠣᠯᠭᠠᠬᠤ ᠵᠡᠷᠭᠡ ᠰᠢᠢᠳᠭᠡᠯ ᠥᠭᠭᠦᠨ᠎ᠡ᠃ ᠬᠡᠤᠬᠡᠳ ᠤᠨ ᠴᠡᠴᠡᠷᠯᠢᠭ ᠲᠤ ᠬᠡᠤᠬᠡᠳ ᠤᠨ ᠬᠢᠴᠢᠶᠡᠯ ᠤᠨ ᠪᠢᠴᠢᠭ ᠪᠤᠶᠤ ᠬᠢᠯᠢ ᠶᠢᠨ ᠭᠠᠳᠠᠨᠠᠬᠢ ᠬᠢᠴᠢᠶᠡᠯ ᠢ ᠬᠡᠷᠡᠭᠯᠡᠬᠦ ᠪᠤᠶᠤ ᠬᠡᠯᠪᠡᠷᠢ ᠶᠢ ᠨᠢ ᠥᠭᠡᠷᠡᠲᠦᠭᠦᠯᠦᠨ ᠬᠡᠷᠡᠭᠯᠡᠬᠦ ᠶᠢ ᠴᠢᠩᠳᠠᠯᠠᠵᠤ᠂ ᠪᠠᠶᠢᠴᠠᠭᠠᠨ ᠳᠣᠲᠣᠯᠠᠭᠰᠠᠨ ᠤ ᠳᠠᠷᠠᠭ᠎ᠠ᠂ ᠬᠡᠤᠬᠡᠳ ᠤᠨ ᠴᠡᠴᠡᠷᠯᠢᠭ ᠲᠤ ᠣᠨ ᠤ ᠪᠠᠶᠢᠴᠠᠭᠠᠯᠲᠠ ᠶᠢ ᠨᠢᠭᠡ ᠪᠢᠯᠧᠲ ᠢᠶᠠᠷ ᠦᠭᠡᠶᠢᠰᠬᠡᠬᠦ ᠶᠢ ᠬᠡᠷᠡᠭᠵᠢᠭᠦᠯᠵᠦ᠂ ᠲᠣᠭᠲᠠᠭᠠᠯ ᠠᠴᠠ ᠵᠥᠷᠢᠴᠡᠨ ᠬᠡᠤᠬᠡᠳ ᠤᠨ ᠴᠡᠴᠡᠷᠯᠢᠭ ᠤᠨ ᠬᠢᠴᠢᠶᠡᠯ ᠤᠨ ᠪᠢᠴᠢᠭ ᠢ ᠲᠠᠨᠢᠯᠴᠠᠭᠤᠯᠤᠭᠰᠠᠨ᠂ ᠵᠣᠬᠢᠶᠠᠨ ᠪᠠᠶᠢᠭᠤᠯᠵᠤ ᠵᠠᠬᠢᠶᠠᠯᠠᠭᠤᠯᠤᠭᠰᠠᠨ ᠨᠢᠭᠡᠴᠢ ᠪᠤᠶᠤ ᠬᠤᠪᠢ ᠬᠥᠮᠦᠨ ᠠᠴᠠ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠭᠤᠷᠪᠠ ᠳᠤ ᠵᠢᠭᠰᠠᠭᠠᠨ ᠪᠠᠶᠢᠴᠠᠭᠠᠵᠤ ᠢᠯᠭᠠᠷᠠᠭᠤᠯᠬᠤ ᠶᠢᠨ ᠬᠠᠮᠲᠤ᠂ ᠠᠵᠢᠯ ᠤᠨ ᠰᠠᠬᠢᠯᠭ᠎ᠠ ᠪᠠᠲᠤ ᠶᠢ ᠵᠢᠷᠤᠮᠯᠠᠨ᠂ ᠠᠵᠢᠯ ᠤᠨ ᠱᠠᠭᠠᠷᠳᠠᠯᠭ᠎ᠠ ᠶᠢ ᠴᠢᠩᠭ᠎ᠠ ᠰᠠᠬᠢᠬᠤ ᠬᠡᠷᠡᠭᠲᠡᠶ᠃      ᠬᠤᠶᠠᠷ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠭᠰᠠᠨ ᠪᠠᠶᠢᠳᠠᠯ      ᠮᠠᠨ ᠤ ᠲᠣᠪᠴᠢᠶ᠎ᠠ ᠨᠠᠵᠠᠭᠠᠶ ᠲᠠᠯ᠎ᠠ ᠶᠢᠨ ᠲᠣᠳᠣᠷᠬᠠᠶ ᠬᠠᠭᠤᠳᠠᠰᠤ ᠲᠠᠢ ᠬᠠᠷᠢᠴᠠᠭᠤᠯᠤᠨ ᠬᠠᠷᠢᠶᠠᠲᠤ ᠣᠷᠣᠨ ᠤ 46 ᠠᠯᠪᠠᠨ ᠤ ᠪᠠ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠬᠢᠴᠢᠶᠡᠯ ᠬᠥᠮᠦᠵᠢᠯ ᠤᠨ ᠡᠬᠢ ᠪᠠᠶᠠᠯᠢᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠪᠠ᠃      ︵ᠨᠢᠭᠡ︶ ᠬᠡᠤᠬᠡᠳ ᠤᠨ ᠴᠡᠴᠡᠷᠯᠢᠭ ᠤᠨ ᠪᠠᠭᠰᠢ ᠶᠢᠨ ᠵᠢᠭᠠᠨ ᠵᠢᠯᠣᠭᠤᠳᠬᠤ ᠳᠤ ᠬᠡᠷᠡᠭᠯᠡᠬᠦ ᠨᠣᠮ      ᠪᠠᠭᠰᠢ ᠶᠢᠨ ᠵᠢᠭᠠᠨ ᠵᠢᠯᠣᠭᠤᠳᠬᠤ ᠳᠤ ᠬᠡᠷᠡᠭᠯᠡᠬᠦ 17 ᠵᠦᠢᠯ ᠤᠨ ᠨᠣᠮ ᠢ ᠵᠢᠭᠰᠠᠭᠠᠨ ᠪᠠᠶᠢᠴᠠᠭᠠᠵᠤ᠂ ᠬᠠᠨᠳᠤᠯᠭᠠᠲᠤ ᠴᠢᠨᠠᠷ᠂ ᠦᠵᠡᠯ ᠰᠠᠨᠠᠭᠠᠴᠢ ᠴᠢᠨᠠᠷ᠂ ᠰᠢᠨᠵᠢᠯᠡᠬᠦ ᠤᠬᠠᠭᠠᠨᠴᠢ ᠴᠢᠨᠠᠷ ᠤᠨ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠭᠰᠡᠨ ᠥᠬᠡᠶ︔ ᠪᠠᠭᠰᠢ ᠶᠢᠨ ᠵᠢᠭᠠᠨ ᠵᠢᠯᠣᠭᠤᠳᠬᠤ ᠳᠤ ᠬᠡᠷᠡᠭᠯᠡᠬᠦ ᠨᠣᠮ ᠨᠢ ᠬᠡᠤᠬᠡᠳ ᠤᠨ ᠬᠡᠷᠡᠭᠯᠡᠬᠦ ᠨᠣᠮ ᠢ ᠢᠵᠢ ᠪᠦᠷᠢᠳᠦᠭᠦᠯᠦᠨ ᠤᠶᠠᠵᠤ᠂ ᠪᠠᠭᠰᠢ ᠶᠢᠨ ᠵᠢᠭᠠᠨ ᠵᠢᠯᠣᠭᠤᠳᠬᠤ ᠳᠤ ᠬᠡᠷᠡᠭᠯᠡᠬᠦ ᠨᠣᠮ ᠨᠢ ᠦᠨᠡᠨ ᠳᠡᠭᠡᠨ ᠬᠡᠯᠪᠡᠷᠢ ᠶᠢ ᠨᠢ ᠥᠭᠡᠷᠡᠲᠡᠭᠦᠯᠦᠭᠰᠡᠨ ᠵᠢᠭᠠᠬᠤ ᠮᠠᠲ᠋ᠧᠷᠢᠶᠠᠯ ᠪᠣᠯᠬᠤ ᠪᠠᠶᠢᠳᠠᠯ ᠢ ᠣᠯᠵᠤ ᠮᠡᠳᠡᠭᠰᠡᠨ ᠥᠬᠡᠶ᠃      ︵ᠬᠤᠶᠠᠷ︶ ᠬᠡᠦᠬᠡᠳ ᠤᠨ ᠵᠢᠷᠤᠭᠲᠤ ᠨᠣᠮ      ᠨᠡᠶᠢᠲᠡ 18693 ᠳᠡᠪᠲᠡᠷ ᠬᠡᠤᠬᠡᠳ ᠤᠨ ᠵᠢᠷᠤᠭᠲᠤ ᠨᠣᠮ ᠢ ᠵᠢᠭᠰᠠᠭᠠᠨ ᠪᠠᠶᠢᠴᠠᠭᠠᠵᠤ᠂ ᠠᠭᠤᠯᠭ᠎ᠠ ᠪᠠ ᠵᠢᠭᠢᠷᠢᠭ ᠵᠢᠷᠤᠭ ᠲᠤ ᠦᠵᠡᠯ ᠰᠠᠨᠠᠭᠠᠴᠢ ᠴᠢᠨᠠᠷ᠂ ᠰᠢᠨᠵᠢᠯᠡᠬᠦ ᠤᠬᠠᠭᠠᠨᠴᠢ ᠴᠢᠨᠠᠷ ᠪᠠ ᠵᠣᠬᠢᠴᠠᠬᠤ ᠴᠢᠨᠠᠷ ᠤᠨ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠭᠰᠡᠨ ᠥᠬᠡᠶ᠃      ︵ᠭᠤᠷᠪᠠ︶ ᠬᠡᠤᠬᠡᠳ ᠤᠨ ᠴᠡᠴᠡᠷᠯᠢᠭ ᠲᠣᠭᠲᠠᠭᠠᠯ ᠠᠴᠠ ᠵᠥᠷᠢᠴᠡᠨ ᠵᠢᠭᠠᠬᠤ ᠮᠠᠲ᠋ᠧᠷᠢᠶᠠᠯ ᠢ ᠬᠡᠷᠡᠭᠯᠡᠬᠦ      46 ᠬᠡᠤᠬᠡᠳ ᠤᠨ ᠴᠡᠴᠡᠷᠯᠢᠭ ᠢ ᠵᠢᠭᠰᠠᠭᠠᠨ ᠪᠠᠶᠢᠴᠠᠭᠠᠬᠤ ᠶᠠᠪᠤᠴᠠ ᠳᠤ᠂ ᠬᠡᠤᠬᠡᠳ ᠤᠨ ᠵᠢᠭᠠᠬᠤ ᠮᠠᠲ᠋ᠧᠷᠢᠶᠠᠯ ᠪᠤᠶᠤ ᠬᠡᠯᠪᠡᠷᠢ ᠶᠢ ᠨᠢ ᠥᠭᠡᠷᠡᠲᠦᠭᠦᠯᠦᠭᠰᠡᠨ ᠬᠡᠤᠬᠡᠳ ᠤᠨ ᠵᠢᠭᠠᠬᠤ ᠮᠠᠲ᠋ᠧᠷᠢᠶᠠᠯ ᠵᠢᠴᠢ ᠬᠡᠤᠬᠡᠳ ᠤᠨ ᠭᠠᠷ ᠲᠤ ᠨᠢᠭᠡ ᠳᠡᠪᠲᠡᠷ ︵ᠢᠵᠢ︶ ᠬᠡᠷᠡᠭᠯᠡᠭᠰᠡᠨ ᠡᠯ᠎ᠡ ᠲᠥᠷᠥᠯ ᠤᠨ ᠬᠡᠷᠡᠭᠯᠡᠬᠦ ᠨᠣᠮ᠂ ᠠᠵᠢᠯᠯᠠᠭᠤᠯᠬᠤ ᠮᠠᠲ᠋ᠧᠷᠢᠶᠠᠯ᠂ ᠡᠬᠢ ᠪᠠᠶᠠᠯᠢᠭ ᠤᠨ ᠪᠣᠭᠤᠳᠠᠯ ᠵᠡᠷᠭᠡ ᠪᠠᠶᠢᠳᠠᠯ ᠢ ᠣᠯᠵᠤ ᠮᠡᠳᠡᠭᠰᠡᠨ ᠥᠬᠡᠶ︔ ᠬᠡᠦᠬᠡᠳ ᠤᠨ ᠴᠡᠴᠡᠷᠯᠢᠭ ᠲᠤ ᠬᠡᠦᠬᠡᠳ ᠤᠨ ᠵᠢᠭᠠᠬᠤ ᠮᠠᠲ᠋ᠧᠷᠢᠶᠠᠯ ᠢ ᠵᠢᠭᠠᠨ ᠲᠣᠭᠲᠠᠭᠠᠭᠰᠠᠨ᠂ ᠲᠠᠨᠢᠯᠴᠠᠭᠤᠯᠤᠨ ᠬᠡᠷᠡᠭᠯᠡᠭᠦᠯᠦᠭᠰᠡᠨ ᠪᠠᠶᠢᠳᠠᠯ ᠢ ᠣᠯᠵᠤ ᠮᠡᠳᠡᠭᠰᠡᠨ ᠦᠭᠡᠢ︔ ᠬᠢᠯᠢ ᠶᠢᠨ ᠭᠠᠳᠠᠨᠠᠬᠢ ᠬᠢᠴᠢᠶᠡᠯ ᠢ ᠬᠡᠷᠡᠭᠯᠡᠬᠦ ᠶᠢ ᠣᠯᠵᠤ ᠮᠡᠳᠡᠭᠰᠡᠨ ᠦᠭᠡᠢ᠃      ︵ᠳᠥᠷᠪᠡ︶ ᠰᠤᠷᠭᠠᠨ ᠬᠥᠮᠦᠵᠢᠯ ᠤᠨ ᠲᠥᠷᠥᠯ ᠤᠨ APP      ᠰᠤᠷᠭᠠᠨ ᠬᠥᠮᠦᠵᠢᠯ ᠤᠨ ᠲᠥᠷᠥᠯ ᠤᠨ APP ᠶᠢᠨ 1 ᠵᠦᠢᠯ ᠢ ᠳᠠᠷᠠᠭᠠᠯᠠᠨ ᠪᠠᠶᠢᠴᠠᠭᠠᠵᠤ᠂ ᠲᠣᠭᠲᠠᠭᠠᠯ ᠢ ᠵᠥᠷᠢᠴᠡᠨ ᠰᠤᠷᠭᠠᠨ ᠬᠥᠮᠦᠵᠢᠯ ᠤᠨ ᠲᠥᠷᠥᠯ ᠤᠨ APP ᠶᠢ ᠳᠤᠷ᠎ᠠ ᠪᠠᠷ ᠢᠶᠠᠨ ᠬᠡᠷᠡᠭᠯᠡᠭᠰᠡᠨ ᠪᠠᠶᠢᠳᠠᠯ ᠢ ᠣᠯᠵᠤ ᠮᠡᠳᠡᠭᠰᠡᠨ ᠥᠬᠡᠶ︔ ᠠᠭᠤᠯᠭ᠎ᠠ ᠳᠤᠨᠢ ᠴᠢᠭᠯᠡᠯᠳᠤ ᠴᠢᠨᠠᠷ᠂ ᠰᠢᠨᠵᠢᠯᠡᠬᠦ ᠤᠬᠠᠭᠠᠨᠴᠢ ᠴᠢᠨᠠᠷ᠂ ᠦᠵᠡᠯ ᠰᠠᠨᠠᠭᠠᠴᠢ ᠴᠢᠨᠠᠷ ᠤᠨ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠭᠰᠡᠨ ᠦᠭᠡᠢ᠃      ︵ᠲᠠᠪᠤ︶ ᠪᠤᠰᠤᠳ ᠠᠰᠠᠭᠤᠳᠠᠯ      ᠵᠢᠭᠰᠠᠭᠠᠨ ᠪᠠᠶᠢᠴᠠᠭᠠᠬᠤ ᠶᠠᠪᠤᠴᠠ ᠳᠤ ᠲᠣᠭᠲᠠᠭᠠᠯ ᠠᠴᠠ ᠵᠥᠷᠢᠴᠡᠨ ᠬᠤᠳᠠᠯᠳᠤᠭᠠᠨ ᠤ ᠵᠠᠷ ᠪᠤᠶᠤ ᠬᠡᠯᠪᠡᠷᠢ ᠶᠢ ᠨᠢ ᠥᠭᠡᠷᠡᠲᠡᠭᠦᠯᠦᠭᠰᠡᠨ ᠬᠤᠳᠠᠯᠳᠤᠭᠠᠨ ᠤ ᠵᠠᠷ ᠵᠢᠴᠢ ᠵᠣᠬᠢᠰ ᠥᠬᠡᠶ ᠴᠥᠷᠬᠡᠯᠡᠭᠡ ᠶᠢ ᠣᠷᠣᠭᠤᠯᠤᠭᠰᠠᠨ ᠪᠠᠶᠢᠳᠠᠯ ᠢᠯᠡᠷᠡᠭᠰᠡᠨ ᠥᠬᠡᠶ︔ ᠭᠠᠳᠠᠷ ᠨᠢᠭᠤᠷ ᠵᠡᠷᠭᠡ ᠪᠠᠶᠢᠷᠢᠨ ᠳᠤ ᠲᠣᠭᠲᠠᠭᠠᠯ ᠢ ᠵᠥᠷᠢᠴᠡᠨ ︽ᠰᠤᠷᠭᠠᠨ ᠬᠥᠮᠦᠵᠢᠯ ᠤᠨ ᠶᠠᠮᠤᠨ ᠤ ᠲᠠᠨᠢᠯᠴᠠᠭᠤᠯᠤᠭᠰᠠᠨ︾ ︽︿3 — 6 ᠨᠠᠰᠤᠨ ᠤ ᠬᠡᠤᠬᠡᠳ ᠤᠨ ᠰᠤᠷᠤᠯᠴᠠᠯᠭ᠎ᠠ ᠪᠠ ᠬᠥᠭᠵᠢᠯᠲᠡ ᠶᠢᠨ ᠵᠢᠭᠠᠯᠲᠠ﹀ ᠶᠢ ᠵᠢᠭᠠᠨ ᠲᠣᠭᠲᠠᠭᠠᠭᠰᠠᠨ︾ ᠵᠡᠷᠭᠡ ᠤᠬᠠᠭᠤᠯᠭ᠎ᠠ ᠶᠢᠨ ᠥᠰᠥᠭ ᠢ ᠢᠯᠡᠳᠲᠡ ᠪᠤᠷᠤᠭᠤ ᠪᠠᠷ ᠬᠥᠲᠥᠯᠵᠦ ᠬᠡᠷᠡᠭᠯᠡᠭᠰᠡᠨ ᠵᠢᠴᠢ ᠬᠠᠤᠯᠢ ᠲᠣᠭᠲᠠᠭᠠᠯ ᠢ ᠵᠥᠷᠢᠴᠡᠭᠰᠡᠨ ᠪᠤᠰᠤᠳ ᠠᠰᠠᠭᠤᠳᠠᠯ ᠢ ᠢᠯᠡᠷᠡᠭᠦᠯᠦᠭᠰᠡᠨ ᠥᠬᠡᠶ᠃      ᠭᠤᠷᠪᠠ᠂ ᠪᠠᠶᠢᠴᠠᠭᠠᠯᠲᠠ ᠶᠢᠨ ᠴᠢᠩᠭᠠᠳᠬᠠᠵᠤ᠂ ᠬᠢᠨᠠᠨ ᠬᠠᠮᠢᠶᠠᠷᠬᠤ ᠶᠢ ᠦᠷᠭᠦᠯᠵᠢᠯᠡᠬᠦ ᠬᠡᠷᠡᠭᠲᠡᠶ      ᠮᠠᠨ ᠤ ᠲᠣᠪᠴᠢᠶ᠎ᠠ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠠᠷᠢᠶᠠᠲᠤ ᠣᠷᠣᠨ ᠳᠠᠬᠢ ᠬᠡᠤᠬᠡᠳ ᠤᠨ ᠴᠡᠴᠡᠷᠯᠢᠭ ᠤᠨ ᠡᠯ᠎ᠡ ᠲᠥᠷᠥᠯ ᠤᠨ ᠬᠢᠴᠢᠶᠡᠯ ᠤᠨ ᠵᠢᠭᠠᠨ ᠰᠤᠷᠭᠠᠯᠲᠠ ᠶᠢᠨ ᠡᠬᠢ ᠪᠠᠶᠠᠯᠢᠭ ᠲᠤ ᠰᠤᠭᠤᠴᠢᠨ ᠪᠠᠶᠢᠴᠠᠭᠠᠯᠲᠠ ᠬᠢᠵᠦ᠂ ᠬᠡᠤᠬᠡᠳ ᠤᠨ ᠴᠡᠴᠡᠷᠯᠢᠭ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠶᠡᠬᠡᠪᠡᠷ ᠳᠥᠯᠭᠢᠨ ᠠᠬᠢᠭᠤᠯᠵᠤ᠂ ︽ᠲᠣᠭᠯᠠᠭᠠᠮ ᠢᠶᠠᠷ ᠦᠨᠳᠦᠰᠦᠨ ᠠᠵᠢᠯᠯᠠᠭ᠎ᠠ ᠪᠣᠯᠭᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠮᠠᠨ ᠤ ᠲᠤᠭᠤᠷᠢᠭ ᠤᠨ ᠬᠡᠤᠬᠡᠳ ᠤᠨ ᠴᠡᠴᠡᠷᠯᠢᠭ ᠤᠨ ᠬᠥᠮᠦᠵᠢᠭᠦᠯᠬᠦ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢ ᠠᠬᠢᠭᠤᠯᠤᠨ᠎ᠠ᠃                 2024 ᠣᠨ ᠤ 1 ᠳ᠋ᠤᠭᠡᠷ ᠰᠠᠷ᠎ᠠ ᠶᠢᠨ 23 ᠤ ᠡᠳᠦᠷ          ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号