ᠬᠢᠷᠢ ᠲᠡᠩᠴᠡᠭᠦ ᠥᠬᠡᠶ ᠢᠳᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠲᠤᠬᠠᠶ ᠢᠦᠢ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠵᠠᠷᠯᠠᠯ
ᠨᠡᠶᠢᠲᠡᠯᠡᠭᠰᠡᠨ ᠴᠠᠭ᠄
2024/1/31
     ᠮᠠᠨ ᠤ ᠲᠣᠪᠴᠢᠶ᠎ᠠ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠢᠳᠡᠭᠡᠨ ᠤ ᠠᠮᠤᠷ ᠲᠦᠪᠰᠢᠨ ᠤ ᠣᠶᠤᠨᠴᠢ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠠᠴᠠ 3 ᠰᠢᠶᠠᠨ ᠤ ᠱᠠᠲᠤᠨ ᠤ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠢ ᠰᠤᠭᠤᠴᠢᠨ ᠪᠠᠶᠢᠴᠠᠭᠠᠬᠤ 2023 ᠣᠨ ᠤ ᠥᠪᠥᠷ ᠮᠣᠩᠭᠤᠯ ᠤᠨ ᠬᠥᠬᠡᠬᠤᠲᠠ ᠶᠢᠨ ᠢᠦᠶ ᠴᠢᠤᠸᠠᠨ ᠲᠣᠭᠤᠷᠢᠭ ᠤᠨ ᠲᠠᠷᠢᠶᠠᠯᠠᠩ ᠤᠨ ᠪᠦᠲᠦᠭᠡᠭᠳᠡᠬᠦᠨ ᠢ ᠰᠤᠭᠤᠴᠢᠨ ᠪᠠᠶᠢᠴᠠᠭᠠᠬᠤ ᠲᠥᠯᠥᠪᠯᠡᠭᠡ ᠶᠢᠨ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠪᠠ 2 ᠰᠤᠭᠤᠴᠢᠨ ᠪᠠᠶᠢᠴᠠᠭᠠᠵᠤ ᠬᠢᠨᠠᠨ ᠬᠡᠮᠵᠢᠬᠦ ︵ᠬᠤᠲᠠ ᠶᠢᠨ ᠱᠠᠲᠤᠨ ᠤ ᠲᠣᠰ ᠱᠠᠲᠤ︶ 2023 ᠣᠨ ᠤ ᠥᠪᠥᠷ ᠮᠣᠩᠭᠤᠯ ᠤᠨ ᠬᠥᠬᠡᠬᠤᠲᠠ ᠶᠢᠨ ᠢᠳᠡᠭᠡᠨ ᠤ ᠠᠮᠤᠷ ᠲᠦᠪᠰᠢᠨ ᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠣᠯᠵᠠᠶ᠂ ᠰᠢᠯᠭᠠᠨ ᠪᠠᠶᠢᠴᠠᠭᠠᠭᠰᠠᠨ ᠦᠷ᠎ᠡ ᠳ᠋ᠦᠩ ᠨᠢ ᠬᠢᠷᠢ ᠲᠡᠩᠴᠡᠭᠰᠡᠨ ᠥᠬᠡᠶ᠂ ᠡᠳᠦᠭᠡ ᠬᠢᠷᠢ ᠲᠡᠩᠴᠡᠭᠰᠡᠨ ᠥᠬᠡᠶ ᠢᠳᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠᠶᠢᠳᠠᠯ ᠢ ᠳᠣᠤᠷᠠᠬᠢ ᠮᠡᠲᠦ ᠵᠠᠷᠯᠠᠶ᠎ᠠ᠄      ᠨᠢᠭᠡ᠂ ᠬᠥᠬᠡᠬᠤᠲᠠ ᠶᠢᠨ ᠵᠧᠩ ᠵᠢᠶᠠ ᠢᠳᠡᠭᠡᠨ ᠤ ᠬᠢᠵᠠᠭᠠᠷᠲᠤ ᠺᠣᠮᠫᠠᠨᠢ      ︵ᠨᠢᠭᠡ︶ ᠦᠨᠳᠦᠰᠦᠨ ᠪᠠᠶᠢᠳᠠᠯ ᠢ ᠰᠤᠭᠤᠴᠢᠨ ᠪᠠᠶᠢᠴᠠᠭᠠᠬᠤ      ᠦᠯᠢᠭᠡᠷ ᠡᠳ᠋ ᠤᠨ ᠨᠡᠷᠡᠶᠢᠳᠦᠯ᠄ ᠢᠦᠢ ᠢᠦᠢ ᠭᠠᠶᠢᠮᠤ︔ ᠦᠯᠢᠭᠡᠷ ᠠᠪᠬᠤ ᠰᠠᠭᠤᠷᠢ ᠲᠤᠭ᠎ᠠ᠄ 10 ᠤᠭᠤᠲᠠ︔ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠦᠭᠡᠢ ᠲᠦᠷᠦᠯ ᠵᠦᠢᠯ᠄ ᠬᠦᠬᠦᠷ ᠤᠨ ᠳᠠᠪᠬᠤᠷ ᠢᠰᠦᠯ ᠤᠨ ᠦᠯᠡᠳᠡᠭᠳᠡᠯ ᠤᠨ ᠬᠡᠮᠵᠢᠶ᠎ᠡ︔ ᠰᠢᠯᠭᠠᠨ ᠪᠠᠶᠢᠴᠠᠭᠠᠬᠤ ᠪᠠᠶᠢᠭᠤᠯᠤᠮᠵᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ᠃      ︵ᠬᠤᠶᠠᠷ︶ ᠪᠠᠶᠢᠴᠠᠭᠠᠭᠰᠠᠨ ᠪᠠᠶᠢᠳᠠᠯ      ᠪᠠᠶᠢᠴᠠᠭᠠᠯᠲᠠ ᠪᠠᠷ ᠳᠠᠮᠵᠢᠭᠠᠳ᠂ ᠬᠥᠬᠡᠬᠤᠲᠠ ᠶᠢᠨ ᠵᠧᠩ ᠵᠢᠶᠠ ᠢᠳᠡᠭᠡᠨ ᠤ ᠬᠢᠵᠠᠭᠠᠷᠲᠤ ᠺᠣᠮᠫᠠᠨᠢ ᠶᠢᠨ ᠡᠵᠡᠩᠨᠡᠵᠦ ᠪᠠᠶᠢᠭ᠎ᠠ ᠢᠦᠶ ᠢᠦᠶ ᠭᠠᠶᠢᠮᠤ ᠨᠡᠶᠢᠲᠡ 400 ᠤᠭᠤᠲᠠ ᠪᠠᠶᠢᠵᠤ᠂ ᠨᠢᠭᠡᠨᠲᠡ ᠪᠦᠬᠦᠨ ᠢ ᠡᠵᠡᠩᠨᠡᠵᠦ᠂ ᠪᠠᠷᠠᠭᠠᠨ ᠤ ᠥᠷᠲᠡᠭ ᠨᠢ 600 ᠲᠥᠭᠦᠷᠢᠭ ᠪᠠᠶᠢᠵᠤ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠰ ᠺᠣᠮᠫᠠᠨᠢ ᠶᠢ ᠡᠭᠡᠭᠦᠯᠦᠨ ᠠᠪᠴᠢᠷᠠᠬᠤ ᠲᠥᠯᠥᠪᠯᠡᠭᠡ ᠲᠣᠭᠲᠠᠭᠠᠯᠭᠠᠬᠤ ᠪᠠᠷ ᠵᠠᠷᠯᠢᠭᠳᠠᠭᠰᠠᠨ ᠪᠥᠭᠡᠳ ᠡᠭᠡᠭᠦᠯᠦᠨ ᠠᠪᠴᠢᠷᠠᠬᠤ ᠠᠯᠪᠠᠨ ᠵᠠᠷ ᠨᠡᠶᠢᠲᠡᠯᠡᠵᠦ᠂ ᠬᠢᠷᠢ ᠲᠡᠩᠴᠡᠭᠦ ᠥᠬᠡᠶ ᠦᠢᠯᠡᠳᠬᠦᠨ ᠢ ᠡᠭᠡᠭᠦᠯᠦᠨ ᠠᠪᠴᠢᠷᠠᠭᠰᠠᠨ ᠪᠠᠶᠢᠨ᠎ᠠ᠃      ᠬᠤᠶᠠᠷ᠂ ᠢᠦᠢ ᠴᠢᠤᠸᠠᠨ ᠲᠣᠭᠤᠷᠢᠭ ᠤᠨ ᠴᠧᠨ ᠭᠠᠢ ᠬᠤᠸᠠ ᠦᠬᠡᠷ ᠬᠤᠨᠢᠨ ᠮᠢᠬ᠎ᠠ ᠡᠵᠡᠩᠨᠡᠨ ᠪᠣᠷᠣᠯᠠᠭᠤᠯᠬᠤ ᠭᠠᠵᠠᠷ      ︵ᠨᠢᠭᠡ︶ ᠦᠨᠳᠦᠰᠦᠨ ᠪᠠᠶᠢᠳᠠᠯ ᠢ ᠰᠤᠭᠤᠴᠢᠨ ᠪᠠᠶᠢᠴᠠᠭᠠᠬᠤ      ᠦᠯᠢᠭᠡᠷ ᠡᠳ᠋ ᠤᠨ ᠨᠡᠷᠡᠶᠢᠳᠦᠯ᠄ ᠦᠬᠡᠷ ᠤᠨ ᠮᠢᠬ᠎ᠠ︔ ᠦᠯᠢᠭᠡᠷ ᠠᠪᠬᠤ ᠰᠠᠭᠤᠷᠢ ᠲᠤᠭ᠎ᠠ᠄ 5kg︔ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠥᠬᠡᠶ ᠲᠥᠷᠥᠯ ᠵᠦᠢᠯ᠄ ᠬᠦᠬᠦᠷᠯᠢᠭ ᠠᠮᠢᠨ ᠤ ᠲᠥᠷᠥᠯ ︵ᠶᠡᠷᠦᠩᠬᠡᠶ ᠬᠡᠮᠵᠢᠶ᠎ᠡ︶︔ ᠰᠢᠯᠭᠠᠨ ᠪᠠᠶᠢᠴᠠᠭᠠᠬᠤ ᠪᠠᠶᠢᠭᠤᠯᠤᠮᠵᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ᠃      ︵ᠬᠤᠶᠠᠷ︶ ᠪᠠᠶᠢᠴᠠᠭᠠᠭᠰᠠᠨ ᠪᠠᠶᠢᠳᠠᠯ      ᠪᠠᠶᠢᠴᠠᠭᠠᠯᠲᠠ ᠪᠠᠷ ᠳᠠᠮᠵᠢᠭᠠᠳ᠂ ᠢᠦᠶ ᠴᠢᠤᠸᠠᠨ ᠲᠣᠭᠤᠷᠢᠭ ᠤᠨ ᠴᠧᠨ ᠭᠠᠶ ᠬᠤᠸᠠ ᠦᠬᠡᠷ ᠬᠤᠨᠢᠨ ᠮᠢᠬ᠎ᠠ ᠡᠵᠡᠩᠨᠡᠨ ᠪᠣᠷᠣᠯᠠᠭᠤᠯᠬᠤ ᠭᠠᠵᠠᠷ ᠤᠨ ᠡᠵᠡᠩᠨᠡᠵᠦ ᠪᠠᠶᠢᠭ᠎ᠠ ᠦᠬᠡᠷ ᠤᠨ ᠮᠢᠬ᠎ᠠ ᠨᠡᠶᠢᠲᠡ 20kg ᠪᠠᠶᠢᠵᠤ᠂ ᠨᠢᠭᠡᠨᠲᠡ ᠪᠦᠬᠦᠨ ᠢᠶᠠᠷ ᠢᠶᠠᠨ ᠡᠵᠡᠩᠨᠡᠵᠦ᠂ ᠪᠠᠷᠠᠭᠠᠨ ᠤ ᠥᠷᠲᠡᠭ ᠨᠢ 480 ᠲᠥᠭᠦᠷᠢᠭ ᠪᠠᠶᠢᠵᠤ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠲᠤᠰ ᠳᠡᠯᠭᠡᠭᠦᠷ ᠢ ᠡᠭᠡᠭᠦᠯᠦᠨ ᠠᠪᠴᠢᠷᠠᠬᠤ ᠲᠥᠯᠥᠪᠯᠡᠭᠡ ᠲᠣᠭᠲᠠᠭᠠᠯᠭᠠᠬᠤ ᠪᠠᠷ ᠵᠠᠷᠯᠢᠭᠳᠠᠭᠰᠠᠨ ᠪᠥᠭᠡᠳ ᠡᠭᠡᠭᠦᠯᠦᠨ ᠠᠪᠴᠢᠷᠠᠬᠤ ᠠᠯᠪᠠᠨ ᠵᠠᠷ ᠨᠡᠶᠢᠲᠡᠯᠡᠵᠦ᠂ ᠬᠢᠷᠢ ᠲᠡᠩᠴᠡᠭᠦ ᠦᠭᠡᠶ ᠦᠢᠯᠡᠳᠬᠦᠨ ᠢ ᠡᠭᠡᠭᠦᠯᠦᠨ ᠠᠪᠴᠢᠷᠠᠭᠰᠠᠨ ᠪᠠᠶᠢᠨ᠎ᠠ᠃      ᠭᠤᠷᠪᠠ᠂ ᠢᠦᠢ ᠴᠢᠤᠸᠠᠨ ᠲᠣᠭᠤᠷᠢᠭ ᠤᠨ ᠢᠦᠢ ᠶᠢᠨ ᠢᠳᠡᠭᠡᠨ ᠡᠵᠡᠩᠨᠡᠨ ᠪᠣᠷᠣᠯᠠᠭᠤᠯᠬᠤ ᠭᠠᠵᠠᠷ      ︵ᠨᠢᠭᠡ︶ ᠦᠨᠳᠦᠰᠦᠨ ᠪᠠᠶᠢᠳᠠᠯ ᠢ ᠰᠤᠭᠤᠴᠢᠨ ᠪᠠᠶᠢᠴᠠᠭᠠᠬᠤ      ᠦᠯᠢᠭᠡᠷ ᠡᠳ᠋ ᠤᠨ ᠨᠡᠷᠡᠶᠢᠳᠦᠯ᠄ ᠴᠠᠭᠠᠨ ᠯᠤᠤᠪᠠᠩ︔ ᠦᠯᠢᠭᠡᠷ ᠠᠪᠬᠤ ᠰᠠᠭᠤᠷᠢ ᠲᠤᠭ᠎ᠠ᠄ 10kg︔ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠥᠬᠡᠶ ᠲᠥᠷᠥᠯ ᠵᠦᠢᠯ᠄ ᠾᠯᠣᠷ ᠹᠯᠣᠷᠲᠤ ᠼᠢᠶᠠᠨ ᠤᠳᠪᠠᠯᠠ ᠡᠰᠲ᠋ᠧᠷ ᠪᠠ ᠥᠨᠳᠥᠷ ᠦᠷ᠎ᠡ ᠠᠰᠢᠭᠲᠤ ᠾᠯᠣᠷ ᠹᠯᠣᠷᠲᠤ ᠼᠢᠶᠠᠨ ᠤᠳᠪᠠᠯᠠ ᠡᠰᠲ᠋ᠧᠷ︔ ᠰᠢᠯᠭᠠᠨ ᠪᠠᠶᠢᠴᠠᠭᠠᠬᠤ ᠪᠠᠶᠢᠭᠤᠯᠤᠮᠵᠢ᠄ ᠥᠪᠥᠷ ᠮᠣᠩᠭᠤᠯ ᠤᠨ ᠫᠤᠨᠢ ᠰᠢᠯᠭᠠᠨ ᠲᠤᠷᠰᠢᠬᠤ ᠮᠡᠷᠭᠡᠵᠢᠯ ᠤᠨ ᠬᠢᠵᠠᠭᠠᠷᠲᠤ ᠺᠣᠮᠫᠠᠨᠢ᠃      ︵ᠬᠤᠶᠠᠷ︶ ᠪᠠᠶᠢᠴᠠᠭᠠᠭᠰᠠᠨ ᠪᠠᠶᠢᠳᠠᠯ      ᠪᠠᠶᠢᠴᠠᠭᠠᠯᠲᠠ ᠪᠠᠷ ᠳᠠᠮᠵᠢᠭᠠᠳ᠂ ᠢᠦᠶ ᠴᠢᠤᠸᠠᠨ ᠲᠣᠭᠤᠷᠢᠭ ᠤᠨ ᠢᠦᠶ ᠶᠢᠨ ᠢᠳᠡᠭᠡᠨ ᠡᠵᠡᠩᠨᠡᠨ ᠪᠣᠷᠣᠯᠠᠭᠤᠯᠬᠤ ᠭᠠᠵᠠᠷ ᠤᠨ ᠡᠵᠡᠩᠨᠡᠵᠦ ᠪᠠᠶᠢᠭ᠎ᠠ ᠴᠠᠭᠠᠨ ᠯᠤᠤᠪᠠᠩ ᠨᠡᠶᠢᠲᠡ 25kg ᠪᠠᠶᠢᠵᠤ᠂ ᠨᠢᠭᠡᠨᠲᠡ ᠪᠦᠬᠦᠨ ᠢᠶᠠᠷ ᠨᠢ ᠡᠵᠡᠩᠨᠡᠵᠦ᠂ ᠪᠠᠷᠠᠭᠠᠨ ᠤ ᠦᠨ᠎ᠡ ᠨᠢ 60 ᠲᠥᠭᠦᠷᠢᠭ ᠪᠠᠶᠢᠵᠤ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠲᠤᠰ ᠳᠡᠯᠭᠡᠭᠦᠷ ᠢ ᠡᠭᠡᠭᠦᠯᠦᠨ ᠠᠪᠴᠢᠷᠠᠬᠤ ᠲᠥᠯᠥᠪᠯᠡᠭᠡ ᠲᠣᠭᠲᠠᠭᠠᠯᠭᠠᠬᠤ ᠪᠠᠷ ᠵᠠᠷᠯᠢᠭᠳᠠᠭᠰᠠᠨ ᠪᠥᠭᠡᠳ ᠡᠭᠡᠭᠦᠯᠦᠨ ᠠᠪᠴᠢᠷᠠᠬᠤ ᠠᠯᠪᠠᠨ ᠵᠠᠷ ᠨᠡᠶᠢᠲᠡᠯᠡᠵᠦ᠂ ᠬᠢᠷᠢ ᠲᠡᠩᠴᠡᠭᠦ ᠦᠭᠡᠶ ᠦᠢᠯᠡᠳᠬᠦᠨ ᠢ ᠡᠭᠡᠭᠦᠯᠦᠨ ᠠᠪᠴᠢᠷᠠᠭᠰᠠᠨ ᠪᠠᠶᠢᠨ᠎ᠠ᠃      ᠳᠥᠷᠪᠡ᠂ ᠢᠦᠶ ᠴᠢᠤᠸᠠᠨ ᠲᠣᠭᠤᠷᠢᠭ ᠤᠨ ᠰᠢᠯᠢ ᠶᠢᠨ ᠵᠠᠮ ᠤᠨ ᠨᠢᠦᠢ ᠱᠧᠨ ᠶᠡᠭᠡ ᠪᠠᠭᠤᠳᠠᠯ      ︵ᠨᠢᠭᠡ︶ ᠦᠨᠳᠦᠰᠦᠨ ᠪᠠᠶᠢᠳᠠᠯ ᠢ ᠰᠤᠭᠤᠴᠢᠨ ᠪᠠᠶᠢᠴᠠᠭᠠᠬᠤ      ᠦᠯᠢᠭᠡᠷ ᠡᠳ᠋ ᠤᠨ ᠨᠡᠷᠡᠶᠢᠳᠦᠯ᠄ ᠰᠠᠪᠬ᠎ᠠ︔ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠥᠬᠡᠶ ᠲᠥᠷᠥᠯ ᠵᠦᠢᠯ᠄ ᠪᠢᠯᠢᠭ ᠢᠶᠣᠨ ᠤ ᠨᠡᠶᠢᠯᠡᠮᠡᠯ ᠤᠬᠢᠶᠠᠭᠴᠢ ᠡᠳ᠋︔ ᠰᠢᠯᠭᠠᠨ ᠪᠠᠶᠢᠴᠠᠭᠠᠬᠤ ᠪᠠᠶᠢᠭᠤᠯᠤᠮᠵᠢ᠄ ᠥᠪᠥᠷ ᠮᠣᠩᠭᠤᠯ ᠤᠨ ᠬᠤᠸᠠ ᠷᠦᠢ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠬᠢᠵᠠᠭᠠᠷᠲᠤ ᠺᠣᠮᠫᠠᠨᠢ᠃      ︵ᠬᠤᠶᠠᠷ︶ ᠪᠠᠶᠢᠴᠠᠭᠠᠭᠰᠠᠨ ᠪᠠᠶᠢᠳᠠᠯ      ᠪᠠᠶᠢᠴᠠᠭᠠᠯᠲᠠ ᠪᠠᠷ ᠳᠠᠮᠵᠢᠭᠠᠳ᠂ ᠢᠦᠶ ᠴᠢᠤᠸᠠᠨ ᠲᠣᠭᠤᠷᠢᠭ ᠤᠨ ᠰᠢᠯᠢ ᠶᠢᠨ ᠭᠤᠤᠯ ᠵᠠᠮ ᠤᠨ ᠨᠢᠦᠢ ᠱᠧᠨ ᠶᠡᠭᠡ ᠪᠠᠭᠤᠳᠠᠯ ᠤᠨ ᠬᠡᠷᠡᠭᠯᠡᠵᠦ ᠪᠠᠶᠢᠭ᠎ᠠ ᠰᠠᠪᠬ᠎ᠠ ᠶᠢᠨ ᠪᠢᠯᠢᠭ ᠢᠶᠣᠨ ᠤ ᠨᠡᠶᠢᠯᠡᠮᠡᠯ ᠤᠬᠢᠶᠠᠯᠭ᠎ᠠ ᠶᠢᠨ ᠡᠳ᠋ ︵ᠠᠷᠪᠠᠨ ᠬᠤᠶᠠᠷ ᠠᠯᠺᠢᠯᠲᠤ ᠪᠧᠨ᠋ᠽᠤᠨ ᠬᠦᠬᠦᠷᠯᠢᠭ ᠬᠦᠴᠢᠯ ᠤᠨ ᠨᠠᠲᠷᠢ ᠪᠠᠷ ᠪᠤᠳᠤᠨ᠎ᠠ︶ ᠤᠨ ᠲᠥᠷᠥᠯ ᠵᠦᠢᠯ ᠨᠢ GB14934 — 2016 ︽ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶᠠᠲᠤ ᠠᠷᠢᠭᠤᠳᠬᠠᠭᠰᠠᠨ ᠬᠤᠭᠤᠯᠠᠨ ︵ᠤᠮᠳᠠᠭᠠᠨ︶ ᠤ ᠪᠠᠭᠠᠵᠢ ᠬᠡᠷᠡᠭᠰᠡᠯ︾ ᠶᠢᠨ ᠱᠠᠭᠠᠷᠳᠠᠯᠭ᠎ᠠ ᠳᠤ ᠨᠡᠶᠢᠴᠡᠬᠦ ᠥᠬᠡᠶ ᠪᠠᠶᠢᠵᠤ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠰ ᠳᠡᠯᠭᠡᠭᠦᠷ ᠢ ᠴᠡᠭᠴᠡᠯᠡᠨ ᠰᠠᠶᠢᠵᠢᠷᠠᠭᠤᠯᠬᠤ ᠲᠥᠯᠥᠪᠯᠡᠭᠡ ᠲᠣᠭᠲᠠᠭᠠᠯᠭᠠᠬᠤ ᠪᠠᠷ ᠵᠠᠷᠯᠢᠭᠳᠠᠵᠠᠶ᠃      ᠲᠠᠪᠤ᠂ ᠢᠦᠶ ᠴᠢᠤᠸᠠᠨ ᠲᠣᠭᠤᠷᠢᠭ ᠤᠨ ᠰᠢᠯᠢ ᠶᠢᠨ ᠵᠠᠮ ᠤᠨ ᠨᠢᠦᠢ ᠱᠧᠨ ᠶᠡᠭᠡ ᠪᠠᠭᠤᠳᠠᠯ      ︵ᠨᠢᠭᠡ︶ ᠦᠨᠳᠦᠰᠦᠨ ᠪᠠᠶᠢᠳᠠᠯ ᠢ ᠰᠤᠭᠤᠴᠢᠨ ᠪᠠᠶᠢᠴᠠᠭᠠᠬᠤ      ᠦᠯᠢᠭᠡᠷ ᠡᠳ᠋ ᠤᠨ ᠨᠡᠷᠡᠶᠢᠳᠦᠯ᠄ ᠰᠢᠷᠠᠭᠰᠠᠨ ᠨᠤᠭᠤᠰᠤᠨ ᠤ ᠲᠠᠪᠠᠭ︔ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠥᠬᠡᠶ ᠲᠥᠷᠥᠯ ᠵᠦᠢᠯ᠄ ᠪᠢᠯᠢᠭ ᠢᠶᠣᠨ ᠤ ᠨᠡᠶᠢᠯᠡᠮᠡᠯ ᠤᠬᠢᠶᠠᠭᠴᠢ ᠡᠳ᠋︔ ᠰᠢᠯᠭᠠᠨ ᠪᠠᠶᠢᠴᠠᠭᠠᠬᠤ ᠪᠠᠶᠢᠭᠤᠯᠤᠮᠵᠢ᠄ ᠥᠪᠥᠷ ᠮᠣᠩᠭᠤᠯ ᠤᠨ ᠬᠤᠸᠠ ᠷᠦᠢ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠬᠢᠵᠠᠭᠠᠷᠲᠤ ᠺᠣᠮᠫᠠᠨᠢ᠃      ︵ᠬᠤᠶᠠᠷ︶ ᠪᠠᠶᠢᠴᠠᠭᠠᠭᠰᠠᠨ ᠪᠠᠶᠢᠳᠠᠯ      ᠪᠠᠶᠢᠴᠠᠭᠠᠯᠲᠠ ᠪᠠᠷ ᠳᠠᠮᠵᠢᠭᠠᠳ᠂ ᠢᠦᠶ ᠴᠢᠤᠸᠠᠨ ᠲᠣᠭᠤᠷᠢᠭ ᠤᠨ ᠰᠢᠯᠢ ᠶᠢᠨ ᠭᠤᠤᠯ ᠵᠠᠮ ᠤᠨ ᠨᠢᠦᠢ ᠱᠧᠨ ᠶᠡᠭᠡ ᠪᠠᠭᠤᠳᠠᠯ ᠤᠨ ᠬᠡᠷᠡᠭᠯᠡᠵᠦ ᠪᠠᠶᠢᠭ᠎ᠠ ᠰᠢᠷᠠᠭᠰᠠᠨ ᠨᠤᠭᠤᠰᠤᠨ ᠤ ᠫᠢᠯᠠ ᠶᠢᠨ ᠪᠢᠯᠢᠭ ᠢᠶᠣᠨ ᠤ ᠨᠡᠶᠢᠯᠡᠮᠡᠯ ᠤᠬᠢᠶᠠᠯᠭ᠎ᠠ ᠶᠢᠨ ᠡᠳ᠋ ︵ᠠᠷᠪᠠᠨ ᠬᠤᠶᠠᠷ ᠠᠯᠺᠢᠯᠲᠤ ᠪᠧᠨ᠋ᠽᠤᠨ ᠬᠦᠬᠦᠷᠯᠢᠭ ᠬᠦᠴᠢᠯ ᠤᠨ ᠨᠠᠲᠷᠢ ᠪᠠᠷ ᠪᠤᠳᠤᠨ᠎ᠠ︶ ᠤᠨ ᠲᠥᠷᠥᠯ ᠵᠦᠢᠯ ᠨᠢ GB14934 — 2016 ︽ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶᠠᠲᠤ ᠠᠷᠢᠭᠤᠳᠬᠠᠭᠰᠠᠨ ᠬᠤᠭᠤᠯᠠᠨ ︵ᠤᠮᠳᠠᠭᠠᠨ︶ ᠤ ᠪᠠᠭᠠᠵᠢ ᠬᠡᠷᠡᠭᠰᠡᠯ︾ ᠶᠢᠨ ᠱᠠᠭᠠᠷᠳᠠᠯᠭ᠎ᠠ ᠳᠤ ᠨᠡᠶᠢᠴᠡᠬᠦ ᠥᠬᠡᠶ ᠪᠠᠶᠢᠵᠤ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠰ ᠳᠡᠯᠭᠡᠭᠦᠷ ᠢ ᠴᠡᠭᠴᠡᠯᠡᠨ ᠰᠠᠶᠢᠵᠢᠷᠠᠭᠤᠯᠬᠤ ᠲᠥᠯᠥᠪᠯᠡᠭᠡ ᠲᠣᠭᠲᠠᠭᠠᠯᠭᠠᠬᠤ ᠪᠠᠷ ᠵᠠᠷᠯᠢᠭᠳᠠᠵᠠᠶ᠃      ᠵᠢᠷᠭᠤᠭ᠎ᠠ᠂ ᠬᠡᠷᠡᠭᠯᠡᠭᠡᠨ ᠤ ᠰᠠᠨᠠᠭᠤᠯᠤᠮᠵᠢ      ᠥᠷᠭᠡᠨ ᠣᠯᠠᠨ ᠬᠡᠷᠡᠭᠯᠡᠭᠴᠢᠳ ᠬᠡᠷᠪᠡ ᠢᠳᠡᠭᠡᠨ ᠤ ᠠᠮᠤᠷ ᠲᠦᠪᠰᠢᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ 12315 ᠬᠠᠯᠠᠮᠰᠢᠯ ᠤᠲᠠᠰᠤ ᠪᠠᠷ ᠵᠠᠭᠠᠯᠳᠤᠵᠤ ᠢᠯᠡᠴᠢᠯᠡᠨ ᠮᠡᠳᠡᠭᠦᠯᠵᠦ ᠪᠣᠯᠤᠨ᠎ᠠ᠃      ᠡᠭᠦᠨ ᠤ ᠲᠤᠯᠠ ᠣᠨᠴᠠᠭᠠᠶᠢᠯᠠᠨ ᠵᠠᠷᠯᠠᠪᠠ᠃      ᠢᠦᠢ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ                 2024 ᠣᠨ ᠤ 1 ᠳ᠋ᠤᠭᠡᠷ ᠰᠠᠷ᠎ᠠ ᠶᠢᠨ 26 ᠤ ᠡᠳᠦᠷ         ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号