ᠢᠦᠶ ᠴᠢᠤᠸᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠤ ᠬᠥᠯᠥᠰᠥᠨ ᠠᠵᠢᠯᠴᠢᠨ ᠤ ᠴᠠᠯᠢᠩ ᠢ ᠤᠳᠠᠭᠠᠰᠢᠷᠠᠭᠤᠯᠤᠨ ᠥᠷᠢᠲᠦᠬᠦ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠵᠦ ᠴᠡᠭᠴᠡᠯᠡᠨ ᠵᠠᠰᠠᠬᠤ ᠠᠵᠢᠯ ᠤᠨ ᠲᠤᠰᠬᠠᠢ ᠠᠩᠭᠢ ᠰᠠᠨᠠᠭᠠᠴᠢᠯᠠᠭ᠎ᠠ ᠠᠴᠠ ᠪᠠᠨ ᠪᠣᠯᠵᠣᠨ ᠰᠤᠷᠪᠤᠯᠵᠢᠯᠠᠭᠰᠠᠨ ᠪᠠᠶᠢᠳᠠᠯ ᠤᠨ ᠲᠤᠬᠠᠶ ᠲᠤᠰᠬᠠᠶ ᠮᠡᠳᠡᠭᠦᠯᠦᠯᠲᠡ
ᠨᠡᠶᠢᠲᠡᠯᠡᠭᠰᠡᠨ ᠴᠠᠭ᠄
2024/1/31
     ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠲᠦᠷᠭᠡᠨ ᠬᠥᠭᠵᠢᠯᠲᠡ ᠶᠢ ᠳᠠᠭᠠᠯᠳᠤᠨ᠂ ᠬᠥᠯᠥᠰᠥᠨ ᠠᠵᠢᠯᠴᠢᠨ ᠤ ᠴᠠᠯᠢᠩ ᠤᠨ ᠠᠰᠠᠭᠤᠳᠠᠯ ᠤᠯᠠᠮ ᠢᠶᠠᠷ ᠲᠣᠪᠤᠶᠢᠮ᠎ᠠ ᠢᠯᠡᠷᠡᠵᠡᠢ᠃ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠠᠵᠢᠯ ᠲᠥᠷᠥᠯ ᠤᠨ ᠠᠵᠢᠯᠴᠢᠨ ᠬᠡᠷᠡᠭᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠬᠥᠯᠥᠰᠥᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠤᠨ ᠶᠡᠭᠡ ᠲᠠᠯ᠎ᠠ ᠶᠢ ᠬᠠᠮᠠᠭᠠᠯᠠᠬᠤ ᠶᠢᠨ ᠲᠥᠯᠥᠭᠡ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠤ ᠬᠥᠯᠥᠰᠥᠨ ᠠᠵᠢᠯᠴᠢᠨ ᠤ ᠴᠠᠯᠢᠩ ᠢ ᠤᠳᠠᠭᠠᠰᠢᠷᠠᠭᠤᠯᠤᠨ ᠥᠷᠢᠲᠦᠬᠦ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠵᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠦᠷᠨᠢᠭᠦᠯᠪᠡ᠃ ᠬᠥᠯᠥᠰᠥᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠤᠯᠠᠮ ᠨᠢᠭᠡ ᠠᠯᠬᠤᠮ ᠪᠠᠲᠤᠯᠠᠵᠤ᠂ ᠡᠯ᠎ᠡ ᠨᠡᠭᠡᠭᠡᠨ ᠬᠥᠭᠵᠢᠭᠦᠯᠬᠦ ᠲᠦᠷᠦᠯ ᠵᠦᠢᠯ ᠤᠨ ᠬᠥᠯᠥᠰᠥᠨ ᠠᠵᠢᠯᠴᠢᠨ ᠤ ᠴᠠᠯᠢᠩ ᠢ ᠴᠠᠭ ᠲᠤᠬᠠᠶ ᠳᠤᠨᠢ ᠲᠠᠰᠤᠯᠤᠨ ᠪᠤᠳᠤᠬᠤ ᠶᠢ ᠦᠨᠡᠨ ᠬᠦ ᠪᠠᠲᠤᠯᠠᠵᠤ᠂ ᠪᠠᠷᠢᠯᠭ᠎ᠠ ᠶᠢᠨ ᠶᠠᠰᠤ ᠴᠢᠨᠠᠷ ᠪᠠ ᠰᠠᠭᠤᠭᠠᠯᠢ ᠠᠷᠠᠳ ᠤᠨ ᠦᠷᠭᠦᠯᠵᠢᠯᠡᠨ ᠣᠷᠣᠵᠤ ᠰᠠᠭᠤᠬᠤ ᠵᠡᠷᠭᠡ ᠠᠰᠠᠭᠤᠳᠠᠯ ᠢ ᠪᠠᠲᠤᠯᠠᠬᠤ ᠶᠢᠨ ᠲᠥᠯᠥᠭᠡ᠂ ᠭᠡᠷ ᠪᠠᠶᠢᠰᠢᠩ ᠭᠠᠵᠠᠷ ᠰᠢᠷᠣᠶ ᠶᠢᠨ ᠭᠦᠷᠦᠩᠭᠡ ᠶᠢᠨ ᠬᠦᠷᠢᠶᠡᠨ ᠳᠤ ᠬᠥᠯᠥᠰᠥᠨ ᠠᠵᠢᠯᠴᠢᠨ ᠤ ᠴᠠᠯᠢᠩ ᠢ ᠤᠳᠠᠭᠠᠰᠢᠷᠠᠭᠤᠯᠤᠨ ᠥᠷᠢᠲᠦᠬᠦ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠵᠦ ᠴᠡᠭᠴᠡᠯᠡᠨ ᠵᠠᠰᠠᠬᠤ ᠠᠵᠢᠯ ᠤᠨ ᠲᠤᠰᠬᠠᠢ ᠠᠩᠭᠢ ᠪᠠᠶᠢᠭᠤᠯᠪᠠ᠃      2024 ᠣᠨ ᠤ 1 ᠳ᠋ᠤᠭᠡᠷ ᠰᠠᠷ᠎ᠠ ᠶᠢᠨ 26 ᠤ ᠡᠳᠦᠷ ᠤᠨ ᠦᠳᠡ ᠶᠢᠨ ᠬᠤᠶᠢᠨᠠᠬᠢ 14 ᠴᠠᠭ 30 ᠮᠢᠨᠦ᠋ᠲ ᠲᠤ ᠢᠦᠶ ᠴᠢᠤᠸᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠨᠢᠭᠡᠳᠦᠭᠡᠷ ᠬᠤᠷᠠᠯ ᠤᠨ ᠭᠡᠷ ᠲᠤ᠂ ᠭᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠤ ᠬᠥᠯᠥᠰᠥᠨ ᠠᠵᠢᠯᠴᠢᠨ ᠤ ᠴᠠᠯᠢᠩ ᠢ ᠤᠳᠠᠭᠠᠰᠢᠷᠠᠭᠤᠯᠤᠨ ᠥᠷᠢᠲᠦᠬᠦ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠵᠦ ᠴᠡᠭᠴᠡᠯᠡᠨ ᠵᠠᠰᠠᠬᠤ ᠠᠵᠢᠯ ᠤᠨ ᠲᠤᠰᠬᠠᠢ ᠠᠩᠭᠢ ︵ᠳᠣᠷᠣᠭᠰᠢ ︽ᠲᠤᠰᠬᠠᠶ ᠠᠩᠭᠢ︾ ᠭᠡᠵᠦ ᠲᠣᠪᠴᠢᠯᠠᠨ᠎ᠠ︶ ᠶᠢᠨ ᠳᠡᠳ᠋ ᠲᠣᠪᠴᠢᠶᠠᠨ ᠳᠠᠷᠤᠭ᠎ᠠ ᠸᠠᠩ ᠳ᠋ᠠ ᠺᠦᠨ ᠰᠠᠨᠠᠭᠠᠴᠢᠯᠠᠭ᠎ᠠ ᠠᠴᠠ ᠪᠠᠨ ᠲᠢᠶᠠᠨ ᠹᠦ᠋ ᠵᠢᠦ ᠰᠢ ᠹᠦ᠋ ᠶᠢᠨ ᠲᠥᠷᠥᠯ ᠵᠦᠢᠯ ᠢ ᠪᠣᠯᠵᠣᠨ ᠰᠤᠷᠪᠤᠯᠵᠢᠯᠠᠵᠤ᠂ ᠲᠤᠰ ᠲᠦᠷᠦᠯ ᠵᠦᠢᠯ ᠤᠨ ᠬᠥᠯᠥᠰᠥᠨ ᠠᠵᠢᠯᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠤᠭᠰᠠᠨ ᠶᠠᠪᠤᠳᠠᠯ ᠤᠨ ᠲᠤᠬᠠᠶ ᠪᠦᠲᠦᠭᠡᠨ ᠪᠠᠶᠢᠭᠤᠯᠤᠯᠲᠠ ᠶᠢᠨ ᠲᠠᠯ᠎ᠠ᠂ ᠪᠠᠷᠢᠯᠭ᠎ᠠ ᠶᠢᠨ ᠲᠠᠯ᠎ᠠ᠂ ᠴᠠᠯᠢᠩ ᠥᠷᠢᠲᠦᠬᠦ ᠡᠭᠡᠯᠵᠢ ᠳᠤᠭᠤᠶᠢᠯᠠᠩ ᠤᠨ ᠲᠥᠯᠥᠭᠡᠯᠡᠭᠴᠢ ᠵᠢᠴᠢ ᠤᠯᠤᠰ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶᠠᠨ ᠳᠤ ᠬᠦᠷᠴᠦ ᠳᠡᠭᠡᠭᠰᠢ ᠰᠤᠷᠪᠤᠯᠵᠢᠯᠠᠭᠰᠠᠨ 5 ᠬᠥᠯᠥᠰᠥᠨ ᠠᠵᠢᠯᠴᠢᠨ ᠲᠠᠢ ᠰᠠᠨᠠᠭᠠᠴᠢᠯᠠᠭ᠎ᠠ ᠠᠴᠠ ᠪᠠᠨ ᠪᠣᠯᠵᠣᠨ ᠰᠤᠷᠪᠤᠯᠵᠢᠯᠠᠵᠤ᠂ ᠴᠠᠯᠢᠩ ᠥᠷᠢᠲᠦᠬᠦ ᠶᠠᠪᠤᠳᠠᠯ ᠢ ᠰᠢᠢᠳᠪᠦᠷᠢᠯᠡᠬᠦ ᠶᠢ ᠢᠳᠡᠪᠬᠢᠲᠡᠶ ᠳᠥᠯᠭᠢᠨ ᠠᠬᠢᠭᠤᠯᠪᠠ᠃      ᠲᠤᠰᠬᠠᠶ ᠠᠩᠭᠢ ᠨᠢ ᠲᠢᠶᠠᠨ ᠹᠦ᠋ ᠵᠢᠦ ᠰᠢ ᠹᠦ᠋ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠠᠯ᠎ᠠ᠂ ᠪᠠᠷᠢᠯᠭ᠎ᠠ ᠶᠢᠨ ᠲᠠᠯ᠎ᠠ᠂ ᠴᠠᠯᠢᠩ ᠥᠷᠢᠲᠦᠬᠦ ᠡᠭᠡᠯᠵᠢ ᠳᠤᠭᠤᠶᠢᠯᠠᠩ ᠲᠠᠢ ᠵᠣᠬᠢᠴᠠᠭᠤᠯᠬᠤ ᠪᠠᠷ ᠳᠡᠮᠵᠢᠨ᠂ ᠭᠤᠷᠪᠠᠨ ᠲᠠᠯ᠎ᠠ ᠪᠠᠷ ᠢᠶᠠᠨ ᠨᠢᠭᠡᠨᠲᠡ ᠴᠠᠯᠢᠩ ᠥᠷᠢᠲᠦᠬᠦ ᠶᠢ ᠨᠢᠭᠡᠳᠦᠯᠲᠡᠶ ᠰᠢᠢᠳᠪᠦᠷᠢᠯᠡᠬᠦ ᠰᠠᠨᠠᠯ ᠪᠠ ᠴᠢᠭᠯᠡᠯ ᠲᠠᠢ ᠪᠣᠯᠤᠭᠰᠠᠨ ᠪᠠᠶᠢᠨ᠎ᠠ᠃      ᠬᠤᠷᠠᠯ ᠠᠴᠠ ᠱᠠᠭᠠᠷᠳᠠᠭᠰᠠᠨ ᠨᠢ᠄ ᠪᠦᠲᠦᠭᠡᠨ ᠪᠠᠶᠢᠭᠤᠯᠤᠯᠲᠠ ᠶᠢᠨ ᠲᠠᠯ᠎ᠠ᠂ ᠪᠠᠷᠢᠯᠭ᠎ᠠ ᠶᠢᠨ ᠲᠠᠯ᠎ᠠ ᠶᠢᠨ ᠬᠢᠨ ᠨᠢᠭᠡ ᠭᠠᠷᠠᠭ ᠤᠨ ᠳᠣᠲᠣᠷ᠎ᠠ ᠰᠠᠨᠠᠯ ᠨᠢᠭᠡᠲᠡᠶ ᠲᠣᠭᠲᠠᠭᠰᠠᠨ ᠰᠠᠨᠠᠯ ᠶᠣᠰᠣᠭᠠᠷ ᠲᠢᠶᠠᠨ ᠹᠦ᠋ ᠵᠢᠦ ᠰᠢ ᠹᠦ᠋ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠬᠥᠯᠥᠰᠥᠨ ᠠᠵᠢᠯᠴᠢᠨ ᠤ ᠴᠠᠯᠢᠩ ᠥᠷᠢᠲᠦᠬᠦ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠬᠦ ᠬᠡᠷᠡᠭᠲᠡᠶ᠃ ᠰᠠᠨᠠᠭᠠᠴᠢᠯᠠᠭ᠎ᠠ ᠠᠴᠠ ᠪᠠᠨ ᠪᠣᠯᠵᠣᠨ ᠰᠤᠷᠪᠤᠯᠵᠢᠯᠠᠬᠤ ᠠᠵᠢᠯ ᠳᠠᠭᠤᠰᠤᠭᠰᠠᠨ ᠤ ᠳᠠᠷᠠᠭ᠎ᠠ᠂ ᠲᠤᠰᠬᠠᠶ ᠠᠩᠭᠢ ᠨᠢ ᠠᠵᠤ ᠠᠬᠤᠶᠢᠯᠠᠯ ᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ᠂ ᠠᠵᠤ ᠠᠬᠤᠶᠢᠯᠠᠯ ᠤᠨ ᠬᠡᠯᠡᠯᠴᠡᠭᠡᠷ ᠲᠤ ᠪᠣᠯᠵᠣᠨ ᠲᠣᠭᠲᠠᠭᠰᠠᠨ ᠶᠣᠰᠣᠭᠠᠷ ᠴᠠᠯᠢᠩ ᠥᠭᠬᠦ ᠶᠢ ᠦᠨᠡᠨᠬᠦ ᠪᠠᠲᠤᠯᠠᠬᠤ ᠬᠡᠷᠡᠭᠲᠡᠶ᠃ ᠭᠠᠷᠤᠭᠰᠠᠨ ᠠᠰᠠᠭᠤᠳᠠᠯ ᠢ ᠴᠠᠭ ᠲᠤᠬᠠᠶ ᠳᠤᠨᠢ ᠠᠷᠭ᠎ᠠ ᠬᠡᠮᠵᠢᠶ᠎ᠡ ᠠᠪᠴᠤ ᠰᠢᠢᠳᠪᠦᠷᠢᠯᠡᠦ ᠬᠡᠷᠡᠭᠲᠡᠶ᠃ ᠶᠡᠷᠦᠩᠬᠡᠶᠢᠯᠡᠪᠡᠯ᠂ ᠠᠵᠤ ᠠᠬᠤᠶᠢᠯᠠᠯ ᠢ ᠰᠠᠨᠠᠭᠠᠴᠢᠯᠠᠭ᠎ᠠ ᠠᠴᠠ ᠪᠠᠨ ᠪᠣᠯᠵᠣᠨ ᠰᠤᠷᠪᠤᠯᠵᠢᠯᠠᠵᠤ ᠬᠥᠯᠥᠰᠥᠨ ᠠᠵᠢᠯᠴᠢᠨ ᠤ ᠴᠠᠯᠢᠩ ᠥᠷᠢᠲᠦᠬᠦ ᠠᠰᠠᠭᠤᠳᠠᠯ ᠢ ᠰᠢᠢᠳᠪᠦᠷᠢᠯᠡᠬᠦ ᠳᠤ ᠨᠠᠷᠢᠨ ᠨᠢᠮᠪᠠᠶ ᠲᠥᠯᠥᠪᠯᠡᠭᠡ ᠪᠠ ᠬᠦᠯᠢᠴᠡᠩᠭᠦᠶ ᠪᠠᠶᠢᠬᠤ ᠬᠡᠷᠡᠭᠲᠡᠶ᠃ ᠭᠠᠭᠴᠠ ᠬᠦ ᠪᠦᠲᠦᠮᠵᠢᠲᠡᠶ ᠨᠡᠪᠲᠡᠷᠡᠯᠴᠡᠬᠦ᠂ ᠵᠥᠪᠳᠡᠯᠴᠡᠬᠦ ᠪᠠ ᠬᠢᠨᠠᠯᠲᠠ ᠲᠠᠯᠪᠢᠬᠤ ᠪᠠᠷ ᠳᠠᠮᠵᠢᠮᠠᠨᠵᠢᠨ ᠰᠠᠶ᠋ᠢ ᠬᠥᠯᠥᠰᠥᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠵᠤ ᠴᠢᠳᠠᠨ᠎ᠠ᠃          ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号