ᠱᠢ ᠳ᠋ᠦᠩ ᠵᠠᠮ ᠤᠨ ᠵᠡᠭᠡᠯᠢ ᠭᠤᠳᠤᠮᠵᠢ ᠶᠢᠨ ᠬᠢᠨ ᠭᠤᠣᠯ ᠰᠡᠳᠦᠪᠲᠦ ᠰᠦᠯᠵᠢᠬᠦ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/1/8
     ᠣᠶᠢᠷ᠎ᠠ ᠳᠤ᠂ ᠱᠢ ᠳ᠋ᠦᠩ ᠵᠠᠮ ᠤᠨ ᠵᠡᠭᠡᠯᠢ ᠭᠤᠳᠤᠮᠵᠢ ᠢᠦᠶ ᠴᠢᠤᠸᠠᠨ ᠯᠢᠩ ᠢ ᠨᠡᠶᠢᠭᠡᠮ ᠤᠨ ᠦᠢᠯᠡᠴᠢᠯᠡᠭᠡᠨ ᠤ ᠲᠥᠪ ᠲᠠᠢ ᠬᠠᠮᠲᠤᠷᠠᠨ ᠭᠠᠷ ᠤᠷᠠᠯᠠᠯ ᠤᠨ ᠰᠦᠯᠵᠢᠬᠦ ᠠᠵᠢᠯᠯᠠᠭ᠎ᠠ ᠦᠷᠨᠢᠭᠦᠯᠪᠡ᠃ ᠨᠡᠶᠢᠭᠡᠮ ᠤᠨ ᠠᠵᠢᠯ ᠤᠨ ᠪᠦᠯᠬᠦᠮ ᠤᠨ ᠬᠢᠨ ᠰᠠᠭᠤᠭᠠᠯᠢ ᠠᠷᠠᠳ ᠲᠤ ᠬᠥᠪᠥᠩ ᠤᠲᠠᠰᠤ ᠪᠠ ᠰᠦᠯᠵᠢᠬᠦ ᠪᠠᠭᠠᠵᠢ ᠬᠠᠩᠭᠠᠵᠤ ᠥᠭᠭᠦᠭᠰᠡᠨ ᠪᠥᠭᠡᠳ ᠰᠦᠯᠵᠢᠬᠦ ᠣᠯᠪᠣᠭ ᠬᠢᠬᠦ ᠦᠨᠳᠦᠰᠦᠨ ᠤᠷ᠎ᠠ ᠮᠡᠷᠭᠡᠵᠢᠯ ᠤᠨ ᠲᠠᠨᠢᠯᠴᠠᠭᠤᠯᠭ᠎ᠠ ᠪᠠ ᠠᠷᠭ᠎ᠠ ᠶᠢᠨ ᠵᠢᠯᠤᠭᠤᠳᠤᠯᠭ᠎ᠠ ᠶᠢ ᠨᠠᠷᠢᠯᠢᠭ ᠬᠢᠭᠰᠡᠨ ᠪᠠᠶᠢᠨ᠎ᠠ᠃
     ᠲᠤᠬᠠᠢ ᠶᠢᠨ ᠲᠠᠯᠠᠪᠠᠢ ᠶᠢᠨ ᠰᠠᠭᠤᠭᠠᠯᠢ ᠠᠷᠠᠳ ᠦᠪᠡᠷ ᠤᠨ ᠳᠤᠷᠠᠲᠠᠢ ᠦᠩᠬᠡ ᠪᠠ ᠬᠡᠯᠪᠡᠷᠢ ᠮᠠᠶ᠋ᠢᠭ ᠢ ᠰᠣᠩᠭᠤᠵᠤ᠂ ᠴᠠᠭᠠᠷᠢᠭ ᠬᠡᠯᠪᠡᠷᠢ ᠶᠢᠨ ᠣᠯᠪᠣᠭ ᠰᠦᠯᠵᠢᠬᠦ ᠶᠠᠪᠤᠴᠠ ᠳᠤ ᠣᠷᠣᠯᠴᠠᠪᠠ᠃ ᠰᠠᠭᠤᠭᠠᠯᠢ ᠠᠷᠠᠳ ᠲᠤᠷᠰᠢᠯᠭ᠎ᠠ ᠪᠠ ᠤᠷ᠎ᠠ ᠮᠡᠷᠭᠡᠵᠢᠯ ᠢᠶᠠᠨ ᠬᠠᠷᠢᠯᠴᠠᠨ ᠰᠣᠯᠢᠯᠴᠠᠵᠤ᠂ ᠥᠪᠡᠷ ᠥᠪᠡᠷ ᠤᠨ ᠪᠦᠲᠦᠭᠡᠯᠴᠢ ᠰᠠᠨᠠᠭ᠎ᠠ ᠪᠠ ᠪᠤᠳᠤᠯ ᠢᠶᠠᠨ ᠬᠤᠪᠢᠶᠠᠯᠴᠠᠨ᠎ᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠬᠠᠯᠠᠭᠤᠨ ᠳᠤᠯᠠᠭᠠᠨ ᠪᠠᠶᠠᠷ ᠬᠦᠷ ᠲᠠᠢ ᠠᠭᠤᠷ ᠠᠮᠢᠰᠬᠤᠯ ᠢᠶᠠᠷ ᠪᠢᠯᠬᠠᠵᠤ ᠪᠠᠶᠢᠯ᠎ᠠ᠃
     ᠴᠢᠷᠮᠠᠶᠢᠯᠭ᠎ᠠ ᠪᠠᠷ ᠲᠠᠮᠵᠢᠨ᠂ ᠰᠠᠭᠤᠭᠠᠯᠢ ᠠᠷᠠᠳ ᠤᠨ ︽ᠰᠠᠶ᠋ᠢᠬᠠᠨ ᠰᠦᠯᠵᠢᠭᠰᠡᠨ︾ ᠡᠯᠳᠡᠪ ᠵᠦᠢᠯ ᠤᠨ ᠴᠠᠭᠠᠷᠢᠭ ᠬᠡᠯᠪᠡᠷᠢ ᠶᠢᠨ ᠣᠯᠪᠣᠭ ᠢᠶᠠᠨ ᠳᠡᠯᠭᠡᠨ ᠦᠵᠡᠭᠦᠯᠵᠦ ᠪᠠᠶᠢᠯ᠎ᠠ᠃ ᠡᠳᠡᠬᠡᠷ ᠣᠯᠪᠣᠭ ᠨᠢ ᠭᠤᠶᠤ ᠰᠠᠶᠢᠬᠠᠨ ᠰᠣᠨᠢᠷᠬᠠᠯᠲᠠᠢ ᠪᠠᠷ ᠦᠯᠦ ᠪᠠᠷᠠᠮ ᠳᠤᠯᠠᠭᠠᠨ ᠪᠥᠭᠡᠳ ᠬᠡᠷᠡᠭᠴᠡᠭᠡᠲᠡᠢ ᠪᠠᠶᠢᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠡᠪᠦᠯ ᠤᠨ ᠡᠳᠦᠷ ᠤᠨ ᠬᠠᠯᠠᠭᠤᠨ ᠳᠤᠯᠠᠭᠠᠨ ᠢ ᠨᠡᠮᠡᠷᠢᠯᠡᠭᠰᠡᠨ ᠪᠠᠶᠢᠨ᠎ᠠ᠃
     ᠲᠣᠰ ᠤᠳᠠᠭᠠᠨ ᠤ ᠠᠵᠢᠯᠯᠠᠭ᠎ᠠ ᠨᠢ ᠰᠠᠭᠤᠭᠠᠯᠢ ᠠᠷᠠᠳ ᠲᠤ ᠬᠠᠯᠠᠭᠤᠨ ᠳᠤᠯᠠᠭᠠᠨ ᠪᠠ ᠪᠠᠶᠠᠷ ᠪᠠᠶᠠᠰᠤᠯ ᠢ ᠠᠪᠴᠢᠷᠠᠵᠤ ᠥᠭᠭᠦᠭᠰᠡᠨ ᠢᠶᠠᠷ ᠪᠠᠷᠠᠬᠤ ᠥᠬᠡᠶ᠂ ᠪᠣᠳᠠᠲᠤ ᠬᠡᠷᠡᠭᠯᠡᠭᠡᠨ ᠤ ᠠᠮᠢᠳᠤᠷᠠᠯ ᠤᠨ ᠤᠷ᠎ᠠ ᠮᠡᠷᠭᠡᠵᠢᠯ ᠢ ᠲᠦᠭᠡᠮᠡᠯᠵᠢᠭᠦᠯᠵᠦ᠂ ᠨᠡᠶᠢᠭᠡᠮ ᠲᠣᠭᠤᠷᠢᠭ ᠤᠨ ᠨᠢᠭᠲᠠᠷᠠᠯ ᠤᠨ ᠬᠦᠴᠦᠨ ᠢ ᠴᠢᠩᠭᠠᠳᠬᠠᠭᠰᠠᠨ ᠪᠠᠶᠢᠨ᠎ᠠ᠃ ᠬᠤᠶᠢᠰᠢᠳᠠ ᠱᠢ ᠳ᠋ᠦᠩ ᠵᠠᠮ ᠤᠨ ᠵᠡᠭᠡᠯᠢ ᠭᠤᠳᠤᠮᠵᠢ ᠦᠷᠭᠦᠯᠵᠢᠯᠡᠨ ᠨᠡᠩ ᠤᠯᠠᠨ ᠶᠠᠩᠵᠤ ᠶᠢᠨ ᠪᠦᠲᠦᠭᠡᠯᠴᠢ ᠠᠵᠢᠯᠯᠠᠭ᠎ᠠ ᠶᠢ ᠬᠠᠩᠭᠠᠵᠤ᠂ ᠰᠠᠭᠤᠭᠠᠯᠢ ᠠᠷᠠᠳ ᠲᠤ ᠪᠠᠶᠠᠷ ᠪᠠᠶᠠᠰᠤᠯ ᠠᠪᠴᠢᠷᠠᠵᠤ᠂ ᠨᠡᠶᠢᠭᠡᠮ ᠲᠣᠭᠤᠷᠢᠭ ᠤᠨ ᠠᠮᠢᠳᠤᠷᠠᠯ ᠢ ᠪᠠᠶᠠᠯᠢᠭᠵᠢᠭᠤᠯᠤᠨ᠎ᠠ᠃          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号