ᠢᠦᠶ ᠴᠢᠤᠸᠠᠨ ᠲᠣᠭᠤᠷᠢᠭ ᠪᠡᠶ᠎ᠡ ᠶᠢᠨ ᠲᠠᠮᠢᠷ ᠤᠨ ᠲᠠᠯᠠᠪᠠᠶ ᠶᠢ ᠪᠠᠶᠢᠴᠠᠭᠠᠨ ᠪᠦᠷᠢᠳᠬᠡᠬᠦ ᠠᠵᠢᠯ ᠢ ᠪᠥᠬᠦ ᠲᠠᠯ᠎ᠠ ᠪᠠᠷ ᠥᠷᠨᠢᠭᠦᠯᠪᠡ
ᠨᠡᠶᠢᠲᠡᠯᠡᠭᠰᠡᠨ ᠴᠠᠭ᠄
2024/1/8
     ᠢᠦᠶ ᠴᠢᠤᠸᠠᠨ ᠲᠣᠭᠤᠷᠢᠭ ᠤᠨ ᠣᠲᠣ ᠶᠢᠨ ᠪᠠᠶᠢᠭ᠎ᠠ ᠪᠡᠶ᠎ᠡ ᠶᠢᠨ ᠲᠠᠮᠢᠷ ᠤᠨ ᠲᠠᠯᠠᠪᠠᠶ ᠶᠢᠨ ᠬᠡᠷᠡᠭᠯᠡᠯᠲᠡ ᠶᠢᠨ ᠣᠳᠣᠬᠢ ᠪᠠᠶᠢᠳᠠᠯ ᠵᠢᠴᠢ ᠬᠤᠪᠢᠷᠠᠯᠲᠠ ᠬᠥᠭᠵᠢᠯᠲᠡ ᠶᠢᠨ ᠪᠠᠶᠢᠳᠠᠯ ᠢ ᠪᠥᠬᠦ ᠲᠠᠯ᠎ᠠ ᠪᠠᠷ ᠡᠵᠡᠮᠰᠢᠵᠦ᠂ ᠮᠠᠨ ᠤ ᠲᠤᠭᠤᠷᠢᠭ ᠤᠨ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠦᠢᠯᠡᠴᠢᠯᠡᠭᠡᠨ ᠤ ᠲᠣᠤᠷ ᠰᠦᠯᠵᠢᠶ᠎ᠡ ᠶᠢ ᠲᠡᠭᠦᠯᠳᠡᠷᠵᠢᠭᠦᠯᠦᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠭᠵᠢᠯᠲᠡ ᠶᠢ ᠴᠢᠨᠠᠷ ᠰᠠᠶᠢᠲᠠᠶ ᠠᠬᠢᠭᠤᠯᠬᠤ ᠶᠢᠨ ᠲᠤᠰᠠᠳᠠ᠂ ᠣᠶᠢᠷ᠎ᠠ ᠳᠤ᠂ ᠢᠦᠶ ᠴᠢᠤᠸᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠪᠡᠶ᠎ᠡ ᠶᠢᠨ ᠲᠠᠮᠢᠷ ᠤᠨ ᠲᠠᠯᠠᠪᠠᠶ ᠶᠢᠨ ᠪᠠᠶᠢᠴᠠᠭᠠᠯᠲᠠ ᠪᠠ ᠪᠦᠷᠢᠳᠬᠡᠯ ᠤᠨ ᠠᠵᠢᠯ ᠢ ᠥᠷᠨᠢᠭᠦᠯᠪᠡ᠃
     ᠨᠡᠶᠢᠳᠡᠮ ᠪᠠᠶᠢᠴᠠᠭᠠᠯᠲᠠ ᠶᠢᠨ ᠳᠤᠮᠳᠠ᠂ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠠᠵᠢᠯᠲᠠᠳ ︽ᠨᠢᠭᠡ ᠪᠠᠯᠭᠠᠰᠦ ᠨᠠᠢᠮᠠᠨ ᠠᠯᠪᠠᠨ ᠬᠡᠷ ᠨᠢᠭᠡ ᠲᠥᠪ︾ ᠤᠨ ᠴᠡᠴᠡᠷᠯᠢᠭ᠂ ᠨᠡᠶᠢᠭᠡᠮ ᠲᠣᠭᠤᠷᠢᠭ᠂ ᠰᠤᠷᠭᠠᠭᠤᠯᠢ᠂ ᠪᠡᠶ᠎ᠡ ᠶᠢᠨ ᠲᠠᠮᠢᠷ ᠤᠨ ᠲᠠᠯᠠᠪᠠᠶ ᠣᠷᠳᠣᠨ ᠵᠡᠷᠭᠡ ᠨᠡᠶᠢᠳᠡᠮ ᠪᠠᠶᠢᠴᠠᠭᠠᠯᠲᠠ ᠶᠢᠨ ᠣᠷᠣᠨ ᠪᠦᠰᠡ ᠳᠤ ᠭᠦᠨᠵᠡᠭᠡᠶᠢᠷᠡᠨ᠂ ᠪᠥᠬᠦ  ᠲᠤᠭᠤᠷᠢᠭ ᠤᠨ ᠰᠢᠨ᠎ᠡ ᠪᠠᠷ ᠨᠡᠮᠡᠭᠳᠡᠭᠰᠡᠨ ᠪᠡᠶ᠎ᠡ ᠶᠢᠨ ᠲᠠᠮᠢᠷ ᠤᠨ ᠲᠠᠯᠠᠪᠠᠶ ᠶᠢᠨ ᠲᠠᠯᠠᠪᠠᠶ᠂ ᠲᠤᠭ᠎ᠠ ᠬᠡᠮᠵᠢᠶ᠎ᠡ᠂ ᠲᠥᠷᠥᠯ ᠬᠡᠯᠪᠡᠷᠢ᠂ ᠪᠦᠲᠦᠴᠡ᠂ ᠬᠡᠷᠡᠭᠯᠡᠯᠲᠡ ᠬᠠᠮᠢᠶᠠᠷᠤᠯᠲᠠ ᠵᠡᠷᠭᠡ ᠣᠯᠠᠨ ᠲᠠᠯ᠎ᠠ ᠳᠤ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠪᠠ ᠲᠤᠭ᠎ᠠ ᠪᠠᠷᠢᠮᠲᠠ ᠴᠤᠭᠯᠠᠭᠤᠯᠬᠤ ᠠᠵᠢᠯ ᠬᠢᠵᠡᠶ᠃ ᠡᠭᠦᠨ ᠤ ᠬᠠᠮᠲᠤ ᠪᠡᠶ᠎ᠡ ᠶᠢᠨ ᠲᠠᠮᠢᠷ ᠤᠨ ᠲᠠᠯᠠᠪᠠᠢ ᠶᠢᠨ ᠨᠡᠶᠢᠳᠡᠮ ᠪᠠᠶᠢᠴᠠᠭᠠᠯᠲᠠ ᠶᠢᠨ ᠬᠠᠮᠢᠶ᠎ᠠ ᠪᠥᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠲᠤᠬᠠᠶ ᠶᠢᠨ ᠲᠠᠯᠠᠪᠠᠢ ᠳᠤ ᠲᠤᠬᠠᠶ ᠶᠢᠨ ᠭᠠᠵᠠᠷ ᠲᠤᠨᠢ ᠪᠢᠴᠢᠵᠦ ᠣᠷᠣᠭᠤᠯᠬᠤ ᠶᠢᠨ ᠬᠠᠮᠲᠤ ᠨᠢᠭᠡᠨᠲᠡ ᠪᠢᠴᠢᠵᠦ ᠣᠷᠣᠭᠤᠯᠤᠭᠰᠠᠨ ᠲᠤᠭ᠎ᠠ ᠪᠠᠷᠢᠮᠲᠠ ᠶᠢ ᠨᠢ ᠵᠠᠯᠠᠷᠠᠭᠤᠯᠤᠨ ᠵᠠᠰᠠᠵᠤ᠂ ᠣᠷᠬᠢᠭᠳᠠᠭᠤᠯᠤᠭᠰᠠᠨ ᠢ ᠨᠢ ᠪᠠᠶᠢᠴᠠᠭᠠᠵᠤ ᠳᠤᠲᠠᠭᠤ ᠶᠢ ᠨᠢ ᠨᠥᠬᠦᠪᠥᠷᠢᠯᠡᠨ᠂ ᠬᠥᠮᠦᠨ ᠤ ᠬᠦᠴᠦ ᠪᠠᠷ ᠬᠢᠨᠠᠨ ᠰᠢᠯᠭᠠᠬᠤ ᠠᠵᠢᠯ ᠢ ᠴᠢᠩᠭ᠎ᠠ ᠬᠢᠵᠦ᠂ ᠳᠡᠭᠡᠭᠰᠢ ᠮᠡᠳᠡᠭᠦᠯᠦᠭᠰᠡᠨ ᠪᠡᠶ᠎ᠡ ᠶᠢᠨ ᠲᠠᠮᠢᠷ ᠤᠨ ᠲᠠᠯᠠᠪᠠᠢ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠶ᠂ ᠪᠦᠷᠢᠨ ᠪᠦᠲᠦᠨ᠂ ᠪᠦᠲᠦᠮᠵᠢᠲᠡᠶ ᠪᠠᠶᠢᠬᠤ ᠶᠢ ᠪᠠᠲᠤᠯᠠᠵᠤ᠂ ᠮᠠᠨ ᠤ ᠲᠤᠭᠤᠷᠢᠭ ᠤᠨ ᠪᠡᠶ᠎ᠡ ᠶᠢᠨ ᠲᠠᠮᠢᠷ ᠤᠨ ᠲᠠᠯᠠᠪᠠᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠡᠭᠦᠰ ᠠᠮᠵᠢᠯᠲᠠ ᠲᠠᠢ ᠪᠡᠶᠡᠯᠡᠭᠳᠡᠬᠦ ᠶᠢ ᠦᠨᠡᠨᠬᠦ ᠪᠠᠲᠤᠯᠠᠪᠠ᠃
     ᠲᠣᠰ ᠤᠳᠠᠭᠠᠨ ᠤ ᠨᠡᠶᠢᠳᠡᠮ ᠪᠠᠶᠢᠴᠠᠭᠠᠯᠲᠠ ᠪᠠᠷ ᠳᠡᠮᠵᠢᠨ᠂ ᠰᠢᠨ᠎ᠡ ᠪᠠᠷ ᠨᠡᠮᠡᠭᠳᠡᠭᠰᠡᠨ ᠬᠡᠰᠡᠭ ᠲᠠᠯᠠᠪᠤᠷ ᠭᠠᠵᠠᠷ ᠲᠤ ᠲᠤᠬᠠᠶ ᠶᠢᠨ ᠭᠠᠵᠠᠷ ᠤᠨ ᠬᠡᠮᠵᠢᠯᠲᠡ ᠪᠠ ᠣᠷᠣᠨ ᠪᠠᠶᠢᠷᠢ ᠶᠢᠨ ᠲᠣᠭᠲᠠᠭᠠᠯᠲᠠ ᠬᠢᠭᠰᠡᠨ ᠪᠥᠭᠡᠳ ᠰᠢᠨ᠎ᠡ ᠪᠠᠷ ᠨᠡᠮᠡᠭᠳᠡᠭᠰᠡᠨ ᠪᠡᠶ᠎ᠡ ᠶᠢᠨ ᠲᠠᠮᠢᠷ ᠤᠨ ᠲᠠᠯᠠᠪᠤᠷ ᠭᠠᠵᠠᠷ ᠢ ᠪᠡᠶ᠎ᠡ ᠶᠢᠨ ᠲᠠᠮᠢᠷ ᠤᠨ ᠲᠠᠯᠠᠪᠤᠷ ᠭᠠᠵᠠᠷ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠳᠤ ᠣᠷᠣᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠴᠢᠯᠡᠭᠡᠨ ᠤ ᠲᠠᠪᠴᠠᠩ ᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠪᠡᠶ᠎ᠡ ᠶᠢᠨ ᠲᠠᠮᠢᠷ ᠢᠶᠠᠷ ᠲᠤᠭᠤᠷᠢᠭ ᠢᠶᠠᠨ ᠬᠦᠴᠦᠷᠬᠡᠭᠵᠢᠭᠦᠯᠬᠦ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠪᠠᠶᠢᠭᠤᠯᠤᠯᠲᠠ ᠳᠤ ᠦᠨᠳᠦᠰᠦᠨ ᠦᠨᠳᠦᠰᠦᠯᠡᠯ ᠬᠠᠩᠭᠠᠭᠰᠠᠨ ᠪᠠᠶᠢᠨ᠎ᠠ᠃
     ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠬᠢᠨ ᠤᠯᠠᠨ ᠨᠡᠶᠢᠲᠡ ᠶᠢᠨ ᠪᠡᠶ᠎ᠡ ᠴᠢᠭᠢᠷᠠᠭᠵᠢᠭᠤᠯᠬᠤ ᠲᠥᠬᠦᠭᠡᠷᠦᠮᠵᠢ ᠪᠣᠯᠤᠨ ᠪᠠᠭᠠᠵᠢ ᠬᠡᠷᠡᠭᠰᠡᠯ ᠢ ᠬᠠᠮᠠᠭᠠᠯᠠᠨ ᠰᠢᠨᠡᠳᠬᠡᠵᠦ ᠵᠡᠷᠭᠡ ᠲᠡᠰ ᠳᠡᠪᠰᠢᠭᠦᠯᠬᠦ ᠠᠵᠢᠯ ᠢ ᠦᠷᠭᠦᠯᠵᠢᠯᠡᠨ ᠠᠬᠢᠭᠤᠯᠵᠤ᠂ ᠪᠡᠶ᠎ᠡ ᠶᠢᠨ ᠲᠠᠮᠢᠷ ᠤᠨ ᠲᠠᠯᠠᠪᠤᠷ ᠪᠣᠯᠤᠨ ᠪᠠᠭᠠᠵᠢ ᠬᠡᠷᠡᠭᠰᠡᠯ ᠤᠨ ᠲᠤᠬᠢᠷᠠᠭᠤᠯᠤᠯᠳᠠ ᠶᠢᠨ ᠳᠤᠲᠠᠭᠤᠳᠠᠯ ᠢ ᠨᠥᠬᠦᠪᠥᠷᠢᠯᠡᠵᠦ᠂ ᠨᠡᠩ ᠥᠨᠳᠥᠷ ᠲᠦᠪᠰᠢᠨ ᠪᠦᠬᠦᠢ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠴᠢᠷᠮᠠᠶᠢᠨ ᠪᠠᠶᠢᠭᠤᠯᠤᠨ᠎ᠠ᠃
         ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号