ᠢᠦᠶ ᠴᠢᠤᠸᠠᠨ ᠲᠣᠭᠤᠷᠢᠭ ᠤᠨ ᠨᠣᠮ ᠤᠨ ᠰᠠᠩ ᠡᠴᠢᠬᠡ ᠡᠬᠡ ᠦᠷ᠎ᠡ ᠬᠡᠤᠬᠡᠳ ᠤᠨ ᠤᠩᠰᠢᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/1/8
     ᠣᠶᠢᠷ᠎ᠠ ᠳᠤ᠂ ᠢᠦᠶ ᠴᠢᠤᠸᠠᠨ ᠲᠣᠭᠤᠷᠢᠭ ᠤᠨ ᠨᠣᠮ ᠤᠨ ᠰᠠᠩ ᠡᠴᠢᠬᠡ ᠡᠬᠡ ᠦᠷ᠎ᠡ ᠬᠡᠤᠬᠡᠳ ᠤᠨ ᠤᠩᠰᠢᠯᠭ᠎ᠠ ᠵᠢᠴᠢ DIY ᠭᠠᠷ ᠤᠷᠠᠯᠠᠯ ᠤᠨ ᠠᠵᠢᠯᠯᠠᠭ᠎ᠠ ᠥᠷᠨᠢᠭᠦᠯᠪᠡ᠃ ᠡᠨᠡ ᠨᠢ ᠵᠠᠯᠠᠭᠤᠴᠤᠳ ᠪᠠᠭᠠᠴᠤᠳ ᠤᠨ ᠬᠢᠴᠢᠶᠡᠯ ᠤᠨ ᠭᠠᠳᠠᠨᠠᠬᠢ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠬᠡᠦᠬᠡᠳ ᠤᠨ ᠭᠠᠷ ᠬᠥᠳᠡᠯᠵᠦ ᠲᠠᠷᠢᠬᠢ ᠪᠠᠨ ᠬᠥᠳᠡᠯᠭᠡᠬᠦ ᠴᠢᠳᠠᠪᠤᠷᠢ ᠶᠢ ᠬᠥᠮᠦᠵᠢᠭᠦᠯᠦᠨ᠂ ᠵᠣᠬᠢᠶᠠᠨ ᠪᠦᠲᠦᠭᠡᠬᠦ ᠤᠷᠮ᠎ᠠ ᠪᠠᠬ᠎ᠠ ᠪᠠ ᠲᠥᠰᠦᠭᠡᠯᠡᠨ ᠪᠤᠳᠤᠬᠤ ᠴᠢᠳᠠᠪᠤᠷᠢ ᠶᠢ ᠨᠢ ᠬᠥᠭᠵᠢᠭᠡᠵᠦ᠂ ᠣᠷᠣᠯᠴᠠᠭᠰᠠᠳ ᠤᠨ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃
     ᠲᠤᠬᠠᠶ ᠶᠢᠨ ᠲᠠᠯᠠᠪᠠᠶ ᠳᠤ᠂ ᠨᠣᠮ ᠤᠨ ᠰᠠᠩ ᠨᠢ ᠡᠴᠢᠭᠡ ᠡᠬᠡ ᠦᠷ᠎ᠡ ᠬᠡᠤᠬᠡᠳ ᠤᠨ ᠤᠩᠰᠢᠯᠭ᠎ᠠ ᠪᠠᠷ ᠭᠤᠤᠯ ᠰᠡᠳᠦᠪ ᠪᠣᠯᠭᠠᠵᠤ᠂ ︽ᠥᠯᠢᠭᠡᠷ ᠰᠣᠨᠣᠰᠴᠤ᠂ ᠠᠷᠠᠳ ᠤᠨ ᠵᠠᠩ ᠳᠠᠳᠬᠠᠯ ᠢ ᠮᠡᠳᠡᠵᠦ᠂ ᠭᠠᠷ ᠤᠷᠠᠯᠠᠯ ᠬᠢᠬᠦ ︾ ᠠᠵᠢᠯᠯᠠᠭ᠎ᠠ ᠥᠷᠨᠢᠭᠦᠯᠵᠦ᠂ ᠠᠮᠢᠳᠤᠯᠢᠭ ᠳᠦᠷᠰᠦᠯᠢᠭ ᠠᠷᠭ᠎ᠠ ᠪᠠᠷ ᠪᠢᠴᠢᠬᠠᠨ ᠨᠠᠶᠢᠵᠠ ᠨᠠᠷ ᠲᠤ ᠰᠢᠨ᠎ᠡ ᠵᠢᠯ ᠤᠨ ᠰᠢᠨ᠎ᠡ ᠶᠢᠨ ᠨᠢᠭᠡᠨ ᠤ ᠠᠭᠤᠯᠭ᠎ᠠ ᠶᠢ ᠲᠠᠶᠢᠯᠪᠤᠷᠢᠯᠠᠨ ᠥᠭᠴᠦ᠂ ᠱᠠᠩᠨᠠᠯ ᠲᠠᠢ ᠠᠰᠠᠭᠤᠯᠲᠠ ᠬᠠᠷᠢᠭᠤᠯᠲᠠ ᠶᠢᠨ ᠬᠡᠯᠪᠡᠷᠢ ᠪᠠᠷ ᠪᠢᠴᠢᠬᠠᠨ ᠨᠠᠶᠢᠵᠠ ᠨᠠᠷ ᠢ ᠮᠡᠳᠡᠯᠭᠡ ᠶᠢᠨ ᠠᠰᠠᠭᠤᠯᠲᠠ ᠬᠠᠷᠢᠭᠤᠯᠲᠠ ᠶᠢᠨ ᠭᠤᠭᠴᠤᠭ᠎ᠠ ᠳᠤ ᠢᠳᠡᠪᠬᠢᠲᠡᠶ ᠣᠷᠣᠯᠴᠠᠭᠤᠯᠵᠠᠶ᠃ ᠭᠠᠷ ᠤᠷᠠᠯᠠᠯ ᠤᠨ ᠶᠠᠪᠤᠴᠠ ᠳᠤ᠂ ︽ᠰᠢᠨ᠎ᠡ ᠵᠢᠯ ᠤᠨ ᠪᠤᠶᠠᠨ ᠤ ᠺᠠᠷᠲ︾ ᠢ ᠦᠢᠯᠡᠳᠬᠦ ᠪᠠᠷ ᠭᠤᠤᠯ ᠠᠭᠤᠯᠭ᠎ᠠ ᠪᠣᠯᠭᠠᠵᠤ᠂ ᠬᠡᠷ ᠤᠨ ᠠᠬᠠᠮᠠᠳ ᠪᠣᠯᠤᠨ ᠠᠵᠢᠯᠲᠠᠨ ᠤ ᠬᠠᠪᠰᠤᠷᠤᠯᠭ᠎ᠠ ᠪᠠᠷ᠂ ᠬᠡᠤᠬᠡᠳ ᠤᠳ ᠠᠯᠬᠤᠮ ᠠᠯᠬᠤᠮ ᠢᠶᠠᠷ ᠦᠢᠯᠡᠳᠴᠦ᠂ ᠦᠢᠯᠡᠳᠬᠦ ᠶᠠᠪᠤᠴᠠ ᠳᠠᠭᠠᠨ ᠲᠠᠰᠤᠷᠠᠯᠲᠠ ᠥᠬᠡᠶ ᠰᠤᠷᠤᠯᠴᠠᠵᠤ᠂ ᠥᠪᠡᠷ ᠤᠨ ᠭᠠᠷ ᠤᠷᠠᠯᠠᠯ ᠤᠨ ᠪᠦᠲᠦᠭᠡᠯ ᠢᠶᠠᠨ ᠲᠥᠯᠥᠪᠯᠡᠵᠦ᠂ ᠠᠵᠢᠯᠯᠠᠭᠠᠨ ᠤ ᠠᠬᠤᠶ ᠲᠠᠯᠠᠪᠠᠶ ᠶᠢᠨ ᠠᠭᠤᠷ ᠠᠮᠢᠰᠬᠤᠯ ᠭᠦᠨ ᠵᠤᠵᠠᠭᠠᠨ ᠪᠠᠶᠢᠳᠠᠭ᠃
     ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠤᠳ ᠲᠤ᠂ ᠢᠦᠶ ᠴᠢᠤᠸᠠᠨ ᠲᠣᠭᠤᠷᠢᠭ ᠤᠨ ᠨᠣᠮ ᠤᠨ ᠰᠠᠩ ᠪᠠᠭᠠᠴᠤᠳ ᠬᠡᠤᠬᠡᠳ ᠲᠤ ᠬᠠᠨᠳᠤᠭᠤᠯᠤᠭᠰᠠᠨ ᠣᠯᠠᠨ ᠵᠦᠢᠯ ᠤᠨ ᠠᠵᠢᠯᠯᠠᠭ᠎ᠠ ᠥᠷᠨᠢᠭᠦᠯᠵᠦ᠂ ᠬᠡᠤᠬᠡᠳ ᠤᠳ ᠤᠨ DIY ᠭᠠᠷ ᠤᠷᠠᠯᠠᠯ ᠦᠢᠯᠡᠳᠬᠦ ᠳᠤᠮᠳᠠ ᠲᠥᠰᠦᠭᠡᠯᠡᠨ ᠪᠤᠳᠤᠬᠤ ᠴᠢᠳᠠᠪᠤᠷᠢ᠂ ᠭᠠᠷ ᠬᠥᠳᠡᠯᠬᠦ ᠴᠢᠳᠠᠪᠤᠷᠢ᠂ ᠭᠤᠸ᠎ᠠ ᠲᠠᠭᠠᠰᠢᠶᠠᠯ ᠤᠨ ᠴᠢᠳᠠᠪᠤᠷᠢ ᠶᠢ ᠬᠦᠮᠦᠵᠢᠭᠦᠯᠵᠦ᠂ ᠲᠡᠳᠡᠨ ᠤ ᠰᠢᠨ᠎ᠡ ᠶᠢ ᠡᠭᠦᠳᠬᠦ ᠰᠡᠳᠬᠢᠬᠦᠶ ᠶᠢᠨ ᠴᠢᠳᠠᠪᠤᠷᠢ ᠶᠢ ᠨᠡᠮᠡᠭᠳᠡᠭᠦᠯᠦᠨ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠠᠮᠤᠷ ᠲᠦᠪᠰᠢᠨ᠂ ᠡᠶ᠎ᠡ ᠵᠣᠬᠢᠴᠠᠯ ᠲᠠᠢ ᠨᠡᠶᠢᠭᠡᠮ ᠤᠨ ᠠᠭᠤᠷ ᠠᠮᠢᠰᠬᠤᠯ ᠢ ᠬᠠᠮᠲᠤ ᠪᠠᠷ ᠪᠣᠶ ᠪᠣᠯᠭᠠᠵᠤ ᠥᠭᠭᠦᠭᠰᠡᠨ ᠪᠠᠶᠢᠨ᠎ᠠ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号