ᠡᠨᠡ ᠵᠢᠯ ᠠᠴᠠ ᠨᠠᠭᠠᠰᠢ᠂ ᠪᠥᠬᠦ ᠲᠤᠭᠤᠷᠢᠭ ᠤᠨ ᠳᠡᠭᠡᠳᠦ ᠳᠣᠤᠷᠠᠳᠤ ᠱᠠᠲᠤᠨ ᠤ ᠬᠢᠨ ᠶᠡᠷᠦᠩᠬᠡᠶ ᠱᠦᠵᠢ | ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠶ ᠶᠢᠨ ᠲᠣᠭᠲᠠᠭᠤᠨ ᠢᠶᠠᠷ | ᠠᠵᠢᠯᠯᠠᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠪᠠ᠃ 1 — 11 ᠳ᠋ᠤᠭᠡᠷ ᠰᠠᠷ᠎ᠠ ᠳᠤ᠂ ᠠᠵᠤ | ᠦᠢᠯᠡᠳᠪᠦᠷᠢ ᠶᠢᠨ ᠦᠢᠯᠡᠳᠪᠦᠷᠢᠯᠡᠯ ᠪᠠᠭᠤᠷᠠᠬᠤ ᠠᠬᠢᠴᠠ ᠶᠢ ᠬᠤᠷᠢᠭᠯᠠᠨ ᠳᠡᠭᠡᠭᠰᠢᠯᠡᠯᠲᠡ ᠶᠢ ᠠᠬᠢᠭᠤᠯᠵᠤ᠂ ᠪᠥᠬᠦ | ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 7.1% ᠪᠠᠷ ᠨᠡᠮᠡᠭᠳᠡᠪᠡ︔ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ | ᠲᠣᠭᠲᠠᠭᠤᠨ ᠤ ᠳᠤᠮᠳᠠ ᠰᠠᠶᠢᠵᠢᠷᠠᠵᠤ᠂ ᠠᠳᠠᠯᠢ ᠬᠤᠭᠤᠴᠠᠭᠠᠨ ᠤ ᠬᠢ ᠠᠴᠠ 39.0% ᠪᠠᠷ ᠨᠡᠮᠡᠭᠳᠡᠪᠡ︔ | ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠦᠷᠭᠦᠯᠵᠢᠯᠡᠨ ᠰᠡᠷᠭᠦᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠠᠳᠠᠯᠢ ᠬᠤᠭᠤᠴᠠᠭᠠᠨ ᠤ ᠬᠢ ᠠᠴᠠ 14.0% ᠪᠠᠷ ᠨᠡᠮᠡᠭᠳᠡᠪᠡ᠃ | ᠲᠠᠷᠠᠭᠠᠴᠢ ᠶᠢᠨ ᠱᠠᠲᠤᠨ ᠳᠤ᠂ ᠲᠣᠭᠲᠠᠭᠤᠨ ᠢᠶᠠᠷ ᠨᠡᠮᠡᠭᠳᠡᠭᠦᠯᠬᠦ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ | ᠪᠦᠬᠦ ᠵᠢᠯ ᠤᠨ ᠭᠤᠣᠯ ᠬᠠᠷᠠᠯᠲᠠ ᠪᠠᠨ ᠲᠣᠭᠲᠠᠭᠠᠵᠤ᠂ ︽ᠳᠥᠷᠪᠡᠳᠦᠭᠡᠷ ᠤᠯᠠᠷᠢᠯ︾ ᠤᠨ ᠬᠤᠭᠤᠴᠠᠭᠠᠨ ᠳᠤ | ᠠᠰᠢᠭᠲᠠᠢ ᠪᠠᠶᠢᠳᠠᠯ ᠢ ᠠᠮᠵᠢᠨ ᠨᠡᠬᠡᠵᠦ᠂ ᠬᠠᠮᠤᠭ ᠤᠨ ᠰᠠᠶᠢᠨ ᠦᠷ᠎ᠡ ᠳ᠋ᠦᠩ ᠢ ᠪᠡᠶᠡᠯᠡᠭᠦᠯᠬᠦ ᠪᠠᠷ ᠴᠢᠷᠮᠠᠶᠢᠬᠤ | ᠬᠡᠷᠡᠭᠲᠡᠢ᠃ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ | 1 — 11 ᠳ᠋ᠤᠭᠡᠷ ᠰᠠᠷ᠎ᠠ ᠳᠤ᠂ ᠪᠥᠬᠦ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠠᠳᠠᠯᠢ ᠬᠤᠭᠤᠴᠠᠭᠠᠨ ᠤ ᠬᠢ ᠠᠴᠠ 0.3% ᠪᠠᠷ | ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 7.1% ᠪᠠᠷ ᠨᠡᠮᠡᠭᠳᠡᠪᠡ᠃ | 1 — 11 ᠳ᠋ᠤᠭᠡᠷ ᠰᠠᠷ᠎ᠠ ᠳᠤ᠂ ᠪᠥᠬᠦ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ 10 ᠠᠵᠢᠯ ᠲᠥᠷᠥᠯ ᠤᠨ ᠶᠡᠭᠡ ᠲᠥᠷᠥᠯ ᠤᠨ ᠳᠣᠲᠣᠷ᠎ᠠ᠂ 7 ᠠᠵᠢᠯ ᠲᠥᠷᠥᠯ ᠨᠢ ᠡᠶᠡᠷᠭᠦ | ᠨᠡᠮᠡᠭᠳᠡᠯ ᠢ ᠪᠡᠶᠡᠯᠡᠭᠦᠯᠵᠦ᠂ ᠨᠡᠮᠡᠭᠳᠡᠯ ᠤᠨ ᠬᠡᠪᠴᠢᠶ᠎ᠡ ᠨᠢ 70% ᠳᠤ ᠬᠥᠷᠪᠡ᠃ ᠲᠠᠮᠠᠬᠢᠨ ᠤ ᠪᠦᠲᠦᠭᠡᠭᠳᠡᠬᠦᠨ ᠤ | ᠦᠢᠯᠡᠰ ᠠᠳᠠᠯᠢ ᠬᠤᠭᠤᠴᠠᠭᠠᠨ ᠤ ᠬᠢ ᠠᠴᠠ 0.4% ᠪᠠᠷ ᠪᠠᠭᠤᠷᠠᠪᠠ︔ ᠢᠳᠡᠭᠡᠨ ᠤ ᠦᠢᠯᠡᠳᠬᠦ ᠦᠢᠯᠡᠰ ᠠᠳᠠᠯᠢ | ᠬᠤᠭᠤᠴᠠᠭᠠᠨ ᠤ ᠬᠢ ᠠᠴᠠ 5.1% ᠪᠠᠷ ᠨᠡᠮᠡᠭᠳᠡᠪᠡ︔ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ | ᠠᠳᠠᠯᠢ ᠬᠤᠭᠤᠴᠠᠭᠠᠨ ᠤ ᠬᠢ ᠠᠴᠠ 7.1% ᠪᠠᠷ ᠨᠡᠮᠡᠭᠳᠡᠪᠡ︔ ᠨᠡᠶᠢᠳᠡᠮ ᠬᠡᠷᠡᠭᠯᠡᠭᠡᠨ ᠤ ᠲᠥᠬᠦᠭᠡᠷᠦᠮᠵᠢ ᠶᠢᠨ | ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 28.5% ᠪᠠᠷ ᠨᠡᠮᠡᠭᠳᠡᠪᠡ︔ ᠡᠮ ᠡᠮᠨᠡᠯᠭᠡ ᠶᠢᠨ | ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 18.4% ᠪᠠᠷ ᠨᠡᠮᠡᠭᠳᠡᠪᠡ︔ ᠨᠡᠬᠡᠮᠡᠯ ᠬᠤᠪᠴᠠᠰᠤ᠂ | ᠬᠤᠪᠴᠠᠰᠤ ᠵᠠᠰᠠᠯ ᠤᠨ ᠦᠢᠯᠡᠰ ᠠᠳᠠᠯᠢ ᠬᠤᠭᠤᠴᠠᠭᠠᠨ ᠤ ᠬᠢ ᠠᠴᠠ 28.7% ᠪᠠᠷ ᠨᠡᠮᠡᠭᠳᠡᠪᠡ︔ ᠲᠡᠮᠦᠷᠯᠢᠭ | ᠪᠤᠰᠤ ᠠᠭᠤᠷᠬᠠᠶ ᠶᠢᠨ ᠪᠦᠲᠦᠭᠡᠭᠳᠡᠬᠦᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 29.3% ᠪᠠᠷ ᠨᠡᠮᠡᠭᠳᠡᠪᠡ︔ | ᠴᠠᠬᠢᠯᠭᠠᠨ ᠮᠧᠬᠠᠨᠢᠭ ᠪᠠ ᠪᠠᠭᠠᠵᠢ ᠬᠡᠷᠡᠭᠰᠡᠯ ᠤᠨ ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 21. | 7% ᠪᠠᠷ ᠨᠡᠮᠡᠭᠳᠡᠪᠡ︔ ᠬᠢᠮᠢ ᠶᠢᠨ ᠲᠦᠭᠦᠬᠡᠶ ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠬᠦᠨ ᠦᠢᠯᠡᠳᠬᠦ ᠦᠢᠯᠡᠰ | ᠠᠳᠠᠯᠢ ᠬᠤᠭᠤᠴᠠᠭᠠᠨ ᠤ ᠬᠢ ᠠᠴᠠ 25.2% ᠢᠶᠠᠷ ᠪᠠᠭᠤᠷᠠᠪᠠ︔ ᠴᠠᠬᠢᠯᠭᠠᠨ ᠬᠦᠴᠦ᠂ ᠢᠯᠴᠢ ᠶᠢᠨ ᠬᠦᠴᠦᠨ ᠤ | ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 4.7% ᠪᠠᠷ ᠪᠠᠭᠤᠷᠠᠪᠠ᠃ | ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ | 1 — 11 ᠳ᠋ᠤᠭᠡᠷ ᠰᠠᠷ᠎ᠠ ᠳᠤ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 39.0% ᠪᠠᠷ ᠨᠡᠮᠡᠭᠳᠡᠪᠡ᠃ | ᠪᠠᠯᠠ ᠣᠷᠣᠭᠤᠯᠤᠯᠲᠠ ᠶᠢᠨ ᠬᠦᠷᠢᠶ᠎ᠡ ᠠᠴᠠ ᠦᠵᠡᠪᠡᠯ᠂ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠪᠠᠯᠠ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 49.5% ᠪᠠᠷ ᠨᠡᠮᠡᠭᠳᠡᠪᠡ︔ ᠬᠡᠷ ᠪᠠᠶᠢᠰᠢᠩ ᠭᠠᠵᠠᠷ | ᠰᠢᠷᠣᠶ ᠶᠢᠨ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 28.9% ᠪᠠᠷ ᠨᠡᠮᠡᠭᠳᠡᠪᠡ︔ | ᠪᠠᠯᠠ ᠣᠷᠣᠭᠤᠯᠤᠯᠲᠠ ᠶᠢᠨ ᠭᠤᠤᠯ ᠴᠣᠭᠴᠠ ᠠᠴᠠ ᠦᠵᠡᠪᠡᠯ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ | ᠠᠳᠠᠯᠢ ᠬᠤᠭᠤᠴᠠᠭᠠᠨ ᠤ ᠬᠢ ᠠᠴᠠ 68.0% ᠪᠠᠷ ᠨᠡᠮᠡᠭᠳᠡᠪᠡ︔ ᠠᠷᠠᠳ ᠤᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 6.9% ᠪᠠᠷ ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ | ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 66.8% ᠪᠠᠷ ᠪᠠᠭᠤᠷᠠᠪᠠ︔ | ᠬᠤᠶᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 861.3% ᠪᠠᠷ | ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 22. | 2% ᠢᠶᠠᠷ ᠨᠡᠮᠡᠭᠳᠡᠪᠡ᠃ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ | 1 — 11 ᠳ᠋ᠤᠭᠡᠷ ᠰᠠᠷ᠎ᠠ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ | ᠶᠡᠷᠦᠩᠬᠡᠢ ᠲᠤᠭ᠎ᠠ 132.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14. | 0% ᠪᠠᠷ ᠨᠡᠮᠡᠭᠳᠡᠵᠡᠶ᠃ ᠡᠭᠦᠨ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠠᠳᠠᠯᠢ ᠬᠤᠭᠤᠴᠠᠭᠠᠨ ᠤ ᠬᠢ ᠠᠴᠠ 39.2% ᠢᠶᠠᠷ | ᠨᠡᠮᠡᠭᠳᠡᠪᠡ︔ ᠬᠡᠷᠡᠭᠯᠡᠭᠡᠨ ᠤ ᠲᠥᠷᠥᠯ ᠬᠡᠯᠪᠡᠷᠢ ᠠᠴᠠ ᠦᠵᠡᠪᠡᠯ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ | ᠲᠠᠸᠠᠷ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠠᠳᠠᠯᠢ ᠬᠤᠭᠤᠴᠠᠭᠠᠨ ᠤ ᠬᠢ ᠠᠴᠠ 36.1% ᠪᠠᠷ | ᠨᠡᠮᠡᠭᠳᠡᠪᠡ︔ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠢᠳᠡᠭᠡᠨ ᠤᠮᠳᠠᠭᠠᠨ ᠤ ᠣᠷᠣᠯᠭ᠎ᠠ ᠨᠢ ᠠᠳᠠᠯᠢ | ᠬᠤᠭᠤᠴᠠᠭᠠᠨ ᠤ ᠬᠢ ᠠᠴᠠ 190.9% ᠪᠠᠷ ᠨᠡᠮᠡᠭᠳᠡᠪᠡ᠃ | | | | | ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | |