ᠢᠦᠶ ᠴᠢᠤᠸᠠᠨ ᠲᠣᠭᠤᠷᠢᠭ ᠤᠨ 2023 ᠣᠨ ᠤ 1 — 11 ᠳ᠋ᠤᠭᠡᠷ ᠰᠠᠷ᠎ᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2024/1/8
     1 — 11 ᠳ᠋ᠤᠭᠡᠷ ᠰᠠᠷ᠎ᠠ ᠳᠤ᠂ ᠪᠥᠬᠦ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠠᠳᠠᠯᠢ ᠬᠤᠭᠤᠴᠠᠭᠠᠨ ᠤ ᠬᠢ ᠠᠴᠠ 0.3% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.1% ᠪᠠᠷ ᠨᠡᠮᠡᠭᠳᠡᠪᠡ᠃      1 — 11 ᠳ᠋ᠤᠭᠡᠷ ᠰᠠᠷ᠎ᠠ ᠳᠤ᠂ ᠪᠥᠬᠦ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ 10 ᠠᠵᠢᠯ ᠲᠥᠷᠥᠯ ᠤᠨ ᠶᠡᠭᠡ ᠲᠥᠷᠥᠯ ᠤᠨ ᠳᠣᠲᠣᠷ᠎ᠠ᠂ 7 ᠠᠵᠢᠯ ᠲᠥᠷᠥᠯ ᠨᠢ ᠡᠶᠡᠷᠭᠦ ᠨᠡᠮᠡᠭᠳᠡᠯ ᠢ ᠪᠡᠶᠡᠯᠡᠭᠦᠯᠵᠦ᠂ ᠨᠡᠮᠡᠭᠳᠡᠯ ᠤᠨ ᠬᠡᠪᠴᠢᠶ᠎ᠡ ᠨᠢ 70% ᠳᠤ ᠬᠥᠷᠪᠡ᠃ ᠲᠠᠮᠠᠬᠢᠨ ᠤ ᠪᠦᠲᠦᠭᠡᠭᠳᠡᠬᠦᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 0.4% ᠪᠠᠷ ᠪᠠᠭᠤᠷᠠᠪᠠ︔ ᠢᠳᠡᠭᠡᠨ ᠤ ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 5.1% ᠪᠠᠷ ᠨᠡᠮᠡᠭᠳᠡᠪᠡ︔ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 7.1% ᠪᠠᠷ ᠨᠡᠮᠡᠭᠳᠡᠪᠡ︔ ᠨᠡᠶᠢᠳᠡᠮ ᠬᠡᠷᠡᠭᠯᠡᠭᠡᠨ ᠤ ᠲᠥᠬᠦᠭᠡᠷᠦᠮᠵᠢ ᠶᠢᠨ ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 28.5% ᠪᠠᠷ ᠨᠡᠮᠡᠭᠳᠡᠪᠡ︔ ᠡᠮ ᠡᠮᠨᠡᠯᠭᠡ ᠶᠢᠨ ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 18.4% ᠪᠠᠷ ᠨᠡᠮᠡᠭᠳᠡᠪᠡ︔ ᠨᠡᠬᠡᠮᠡᠯ ᠬᠤᠪᠴᠠᠰᠤ᠂ ᠬᠤᠪᠴᠠᠰᠤ ᠵᠠᠰᠠᠯ ᠤᠨ ᠦᠢᠯᠡᠰ ᠠᠳᠠᠯᠢ ᠬᠤᠭᠤᠴᠠᠭᠠᠨ ᠤ ᠬᠢ ᠠᠴᠠ 28.7% ᠪᠠᠷ ᠨᠡᠮᠡᠭᠳᠡᠪᠡ︔ ᠲᠡᠮᠦᠷᠯᠢᠭ ᠪᠤᠰᠤ ᠠᠭᠤᠷᠬᠠᠶ ᠶᠢᠨ ᠪᠦᠲᠦᠭᠡᠭᠳᠡᠬᠦᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 29.3% ᠪᠠᠷ ᠨᠡᠮᠡᠭᠳᠡᠪᠡ︔ ᠴᠠᠬᠢᠯᠭᠠᠨ ᠮᠧᠬᠠᠨᠢᠭ ᠪᠠ ᠪᠠᠭᠠᠵᠢ ᠬᠡᠷᠡᠭᠰᠡᠯ ᠤᠨ ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 21.7% ᠪᠠᠷ ᠨᠡᠮᠡᠭᠳᠡᠪᠡ︔ ᠬᠢᠮᠢ ᠶᠢᠨ ᠲᠦᠭᠦᠬᠡᠶ ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠬᠦᠨ ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 25.2% ᠢᠶᠠᠷ ᠪᠠᠭᠤᠷᠠᠪᠠ︔ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 4.7% ᠪᠠᠷ ᠪᠠᠭᠤᠷᠠᠪᠠ᠃        ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号