ᠪᠠᠷᠠᠭᠤᠨ ᠨᠤᠭᠤᠭ᠎ᠠ ᠶᠢᠨ ᠬᠠᠰᠢᠶ᠎ᠠ ᠵᠡᠭᠡᠯᠢ ᠭᠤᠳᠤᠮᠵᠢ ᠶᠢᠨ ᠰᠢ ᠠᠨ ᠨᠡᠶᠢᠭᠡᠮ ᠲᠣᠭᠤᠷᠢᠭ᠄ ᠰᠠᠶᠢᠨ ᠳᠤᠷ᠎ᠠ ᠶᠢᠨ ᠦᠢᠯᠡᠴᠢᠯᠡᠭᠡ ᠶᠢ ᠪᠢ ᠤᠷᠢᠳᠠᠪᠠᠷ ᠦᠢᠯᠡᠳᠦᠯᠭᠡᠵᠢᠭᠦᠯᠵᠦ ᠳᠠᠭᠠᠭᠠᠴᠢᠯᠠᠨ ᠬᠤᠯᠪᠣᠭᠠᠯᠠᠵᠤ ᠬᠠᠮᠲᠤᠪᠠᠷ ᠴᠤᠭᠴᠠᠯᠠᠨ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2024/10/12
     10 ᠳ᠋ᠤᠭᠠᠷ ᠰᠠᠷ᠎ᠠ ᠶᠢᠨ 10 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ ᠳᠠᠭᠠᠭᠠᠴᠢᠯᠠᠨ ᠬᠤᠯᠪᠤᠭᠠᠯᠠᠭᠰᠠᠨ ᠨᠡᠶᠢᠭᠡᠮ ᠲᠣᠭᠤᠷᠢᠭ ᠢᠥᠢ ᠴᠢᠤᠸᠠᠨ ᠲᠣᠭᠤᠷᠢᠭ ᠤᠨ ᠪᠠᠷᠠᠭᠤᠨ ᠨᠤᠭᠤᠭ᠎ᠠ ᠶᠢᠨ ᠬᠠᠰᠢᠶ᠎ᠠ ᠵᠡᠭᠡᠯᠢ ᠭᠤᠳᠤᠮᠵᠢ ᠶᠢᠨ ᠰᠢ ᠠᠨ ᠨᠡᠶᠢᠭᠡᠮ ᠲᠣᠭᠤᠷᠢᠭ ᠲᠤ ᠬᠦᠷᠴᠦ᠂ ᠨᠡᠶᠢᠭᠡᠮ ᠲᠤᠭᠤᠷᠢᠭ ᠲᠠᠢ ᠬᠠᠮᠲᠤᠪᠠᠷ ︽ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠵᠤ ᠵᠠᠯᠠᠭᠤ ᠨᠠᠰᠤᠨ ᠤ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠵᠦ᠂ ᠵᠣᠯ ᠵᠢᠷᠭᠠᠯᠲᠤ ᠭᠡᠷ ᠣᠷᠣᠨ ᠢᠶᠠᠨ ᠬᠠᠮᠲᠤ ᠪᠠᠷ ᠴᠣᠭᠴᠠᠯᠠᠶ᠎ᠠ︾ ᠭᠡᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃
     ᠠᠵᠢᠯᠯᠠᠭ᠎ᠠ ᠶᠢᠨ ᠠᠭᠤᠯᠭ᠎ᠠ ᠨᠢ ᠪᠠᠶᠠᠯᠢᠭ ᠪᠥᠭᠡᠳ ᠣᠯᠠᠨ ᠶᠠᠩᠵᠤ ᠶᠢᠨ ᠪᠠᠶᠢᠵᠤ᠂ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠡᠴᠢᠭᠡ ᠡᠬᠡ ᠦᠷ᠎ᠡ ᠬᠡᠤᠬᠡᠳ ᠤᠨ ᠨᠣᠮ ᠤᠩᠰᠢᠵᠤ ᠬᠤᠪᠢᠶᠠᠯᠴᠠᠬᠤ᠂ ᠠᠯᠪᠠᠨ ᠵᠢᠷᠤᠮ ᠤᠨ ᠡᠮᠴᠢᠯᠡᠭᠡ ᠬᠢᠬᠦ᠂ ︽ᠰᠠᠶᠢᠨ ᠳᠤᠷ᠎ᠠ ᠶᠢᠨ ᠴᠡᠷᠢᠭ︾ ᠺᠢᠨᠤ᠋ ᠶᠢ ᠭᠠᠷᠭᠠᠬᠤ ᠵᠢᠴᠢ ᠬᠡᠤᠬᠡᠳ ᠤᠨ ᠦᠨᠳᠦᠰᠦᠲᠡᠨ ᠤ ᠪᠦᠯᠬᠦᠮᠳᠡᠯ ᠤᠨ ᠭᠤᠤᠯ ᠰᠡᠳᠦᠪᠲᠦ ᠬᠤᠪᠴᠠᠰᠤ ᠵᠢᠷᠤᠵᠤ ᠦᠢᠯᠡᠳᠬᠦ ᠵᠡᠷᠭᠡ ᠭᠤᠭᠴᠤᠭ᠎ᠠ ᠶᠢ ᠨᠢᠭᠡ ᠨᠢᠭᠡ ᠪᠠᠷ ᠥᠷᠨᠢᠭᠦᠯᠪᠡ᠃
     ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠳᠤᠮᠳᠠ᠂ ᠤᠬᠠᠭᠤᠯᠤᠨ ᠲᠠᠶᠢᠯᠪᠤᠷᠢᠯᠠᠭᠴᠢ ᠳᠥᠭᠦᠮ ᠣᠶᠢᠯᠠᠭᠠᠮᠵᠢᠲᠠᠶ ᠦᠭᠡ ᠬᠡᠯᠡ ᠪᠠᠷ ᠰᠠᠭᠤᠭᠠᠯᠢ ᠠᠷᠠᠳ ᠲᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠵᠢᠴᠢ ᠰᠠᠭᠤᠭᠠᠯᠢ ᠠᠷᠠᠳ ᠤᠨ ᠡᠳᠦᠷ ᠲᠤᠲᠤᠮ ᠤᠨ ᠠᠮᠢᠳᠤᠷᠠᠯ ᠳᠤ ᠬᠤᠯᠪᠣᠭᠳᠠᠬᠤ ᠵᠠᠷᠢᠮ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠪᠠ᠃ ᠲᠤᠬᠠᠶ ᠶᠢᠨ ᠲᠠᠯᠠᠪᠠᠶ ᠶᠢᠨ ᠰᠠᠭᠤᠭᠠᠯᠢ ᠠᠷᠠᠳ ᠨᠠᠷᠢᠨ ᠬᠢᠨᠠᠮᠠᠭᠠᠶ ᠰᠣᠨᠣᠰᠴᠤ᠂ ᠪᠠᠶᠢᠨ ᠪᠠᠶᠢᠨ ᠠᠰᠠᠭᠤᠯᠲᠠ ᠳᠤᠷᠠᠳᠴᠤ᠂ ᠤᠬᠠᠭᠤᠯᠤᠨ ᠲᠠᠶᠢᠯᠪᠤᠷᠢᠯᠠᠭᠴᠢ ᠴᠥᠮ ᠬᠦᠯᠢᠴᠡᠩᠭᠦᠶ ᠪᠠᠷ ᠬᠠᠷᠢᠭᠤᠯᠲᠠ ᠥᠭᠴᠦ᠂ ᠰᠠᠭᠤᠭᠠᠯᠢ ᠠᠷᠠᠳ ᠲᠤ ᠲᠥᠷᠥ ᠶᠢᠨ ᠪᠣᠳᠣᠯᠭ᠎ᠠ ᠶᠢᠨ ᠲᠤᠬᠠᠶ ᠨᠠᠩ ᠲᠣᠳᠣᠷᠬᠠᠶ ᠣᠶᠢᠯᠠᠭᠠᠯᠲᠠ ᠪᠠ ᠲᠠᠨᠢᠯᠲᠠ ᠲᠠᠢ ᠪᠣᠯᠭᠠᠪᠠ᠃
     ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠨᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠠᠯᠠᠭᠤᠨ ᠬᠦᠷᠢᠶᠡᠯᠡᠯ ᠢ ᠣᠯᠵᠠᠶ᠃ ᠵᠠᠩ ᠡᠮᠡᠭᠡ ᠰᠡᠳᠬᠢᠯ ᠳᠣᠭᠳᠣᠯᠤᠨ᠄ ︽ᠡᠮᠴᠢ ᠨᠠᠷ ᠴᠥᠮ ᠬᠦᠯᠢᠴᠡᠩᠭᠦᠶ ᠪᠠᠷ ᠨᠠᠳᠠ ᠳᠤ ᠮᠠᠰᠢ ᠣᠯᠠᠨ ᠡᠷᠡᠭᠦᠯ ᠮᠡᠨᠳᠦ ᠶᠢᠨ ᠮᠡᠳᠡᠯᠭᠡ ᠶᠢ ᠶᠠᠷᠢᠵᠤ ᠥᠭᠴᠡᠶ᠃ ᠬᠤᠵᠢᠮ ᠬᠤᠶᠢᠰᠢᠳᠠ ᠡᠶᠢᠮᠦᠷᠬᠦ ᠠᠵᠢᠯᠯᠠᠭ᠎ᠠ ᠶᠢ ᠢᠯᠡᠭᠦᠬᠡᠨ ᠡᠷᠭᠢᠯᠡᠵᠦ᠂ ᠮᠠᠨ ᠤ ᠨᠠᠰᠤᠲᠠᠶᠢᠴᠤᠳ ᠤᠨ ᠪᠡᠶ᠎ᠡ ᠮᠠᠬᠠᠪᠣᠳ ᠢ ᠬᠠᠯᠠᠮᠵᠢᠯᠠᠬᠤ ᠶᠢ ᠬᠦᠰᠡᠵᠦ ᠪᠠᠶᠢᠨ᠎ᠠ︾ ᠭᠡᠵᠡᠢ᠃
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ ᠪᠠᠰᠠ ᠰᠢ ᠠᠨ ᠨᠡᠶᠢᠭᠡᠮ ᠲᠣᠭᠤᠷᠢᠭ ᠲᠤ ᠨᠣᠮ ᠪᠢᠴᠢᠭ᠂ ᠬᠡᠷ ᠤᠨ ᠭᠠᠳᠠᠨᠠᠬᠢ ᠰᠡᠯᠡᠭᠦᠴᠡᠯ ᠤᠨ ᠰᠠᠭᠤᠳᠠᠯ ᠪᠠ ᠠᠰᠠᠷ ᠤᠨ ᠳᠠᠪᠬᠤᠷᠭ᠎ᠠ ᠶᠢᠨ ᠨᠠᠭᠠᠯᠲᠠ ᠵᠡᠷᠭᠡ ᠡᠳ᠋ ᠪᠣᠳᠠᠰ ᠬᠠᠨᠳᠢᠪᠯᠠᠪᠠ᠃
     ᠲᠣᠰ ᠤᠳᠠᠭᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ ᠨᠡᠶᠢᠭᠡᠮ ᠲᠣᠭᠤᠷᠢᠭ ᠲᠤ ᠴᠦ ᠦᠨᠡᠨ ᠪᠣᠳᠠᠲᠠᠶ ᠬᠠᠪᠰᠤᠷᠤᠯᠭ᠎ᠠ ᠪᠠ ᠦᠢᠯᠡᠴᠢᠯᠡᠭᠡ ᠬᠠᠩᠭᠠᠭᠰᠠᠨ ᠪᠠᠶᠢᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ ᠪᠣᠳᠠᠲᠤ ᠠᠵᠢᠯᠯᠠᠭ᠎ᠠ ᠪᠠᠷ ᠢᠶᠠᠨ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ᠂ ᠵᠠᠯᠠᠭᠤ ᠨᠠᠰᠤᠨ ᠤ ᠡᠭᠦᠷᠭᠡ ᠬᠠᠷᠢᠭᠤᠴᠠᠯᠭ᠎ᠠ ᠶᠢ ᠢᠯᠡᠷᠡᠭᠦᠯᠵᠦ᠂ ᠵᠣᠯ ᠵᠢᠷᠭᠠᠯᠲᠤ ᠭᠡᠷ ᠣᠷᠣᠨ ᠢᠶᠠᠨ ᠬᠠᠮᠲᠤ ᠪᠠᠷ ᠴᠣᠭᠴᠠᠯᠠᠬᠤ ᠳᠤ ᠬᠦᠴᠦᠨ ᠴᠢᠳᠠᠯ ᠢᠶᠠᠨ ᠡᠷᠭᠦᠪᠡ᠃ ᠡᠭᠦᠨ ᠤ ᠬᠠᠮᠲᠤ᠂ ᠠᠵᠢᠯᠯᠠᠭ᠎ᠠ ᠨᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠤᠭᠤᠷᠣᠨᠳᠣᠬᠢ ᠨᠢᠭᠲᠠᠷᠠᠯ ᠤᠨ ᠬᠦᠴᠦᠨ ᠪᠠ ᠲᠥᠪᠯᠡᠩᠭᠦᠶ ᠬᠦᠴᠦᠨ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠨᠡᠶᠢᠭᠡᠮ ᠲᠣᠭᠤᠷᠢᠭ ᠤᠨ ᠡᠶ᠎ᠡ ᠵᠣᠬᠢᠴᠠᠯ ᠲᠠᠢ ᠬᠥᠭᠵᠢᠯᠲᠡ ᠶᠢ ᠠᠬᠢᠭᠤᠯᠤᠭᠰᠠᠨ ᠪᠠᠶᠢᠨ᠎ᠠ᠃            ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号