ᠢᠦᠢ ᠴᠢᠤᠸᠠᠨ ᠲᠣᠭᠤᠷᠢᠭ ᠤᠨ ᠱᠢ ᠲᠧᠦ ᠭᠤᠳᠤᠮᠵᠢ ᠶᠢᠨ ᠪᠠᠭ᠎ᠠ ᠰᠤᠷᠭᠠᠭᠤᠯᠢ ᠶᠢᠨ ᠬᠤᠶᠠᠳᠤᠭᠠᠷ ᠬᠤᠭᠤᠴᠠᠭᠠᠨ ᠤ ︽ᠰᠤᠷᠭᠠᠭᠤᠯᠢ ᠶᠢᠨ ᠵᠠᠬᠢᠷᠤᠯ ᠬᠤᠨᠳᠠᠭᠠᠲᠤ︾ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2024/10/14
     ᠰᠤᠷᠭᠠᠭᠤᠯᠢ ᠶᠢᠨ ᠬᠦᠷᠢᠶᠡᠨ ᠤ ᠤᠷᠤᠯᠳᠤᠭᠠᠨ ᠤ ᠲᠠᠯᠠᠪᠠᠢ ᠶᠢᠨ ᠴᠤᠭ ᠵᠢᠪᠬᠤᠭ᠎ᠠ ᠶᠢ ᠪᠠᠳᠠᠷᠠᠭᠤᠯᠵᠤ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢ ᠪᠦᠬᠦᠨ ᠢ ᠬᠠᠮᠤᠷᠬᠤ ᠠᠵᠢᠯ ᠢ ᠦᠷᠭᠦᠯᠵᠢᠯᠡᠨ ᠠᠬᠢᠭᠤᠯᠵᠤ᠂ ᠰᠤᠷᠤᠭᠴᠢᠳ ᠤᠨ ᠬᠥᠯ ᠪᠥᠮᠪᠦᠭᠡ ᠶᠢᠨ ᠬᠥᠳᠡᠯᠭᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠰᠤᠷᠤᠭᠴᠢᠳ ᠤᠨ ᠪᠡᠶ᠎ᠡ ᠮᠠᠬᠠᠪᠣᠳ ᠢ ᠴᠢᠭᠢᠷᠠᠭᠵᠢᠭᠤᠯᠵᠤ᠂ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠢ ᠬᠥᠮᠦᠵᠢᠭᠦᠯᠬᠦ ᠶᠢᠨ ᠲᠥᠯᠥᠭᠡ᠂ ᠤᠶᠢᠷ᠎ᠠ ᠳᠤ᠂ ᠢᠦᠢ ᠴᠢᠤᠸᠠᠨ ᠲᠣᠭᠤᠷᠢᠭ ᠤᠨ ᠱᠢ ᠲᠧᠦ ᠭᠤᠳᠤᠮᠵᠢ ᠶᠢᠨ ᠪᠠᠭ᠎ᠠ ᠰᠤᠷᠭᠠᠭᠤᠯᠢ ᠶᠢᠨ ᠬᠤᠶᠠᠳᠤᠭᠠᠷ ᠬᠤᠭᠤᠴᠠᠭᠠᠨ ᠤ ︽ᠰᠤᠷᠭᠠᠭᠤᠯᠢ ᠶᠢᠨ ᠵᠠᠬᠢᠷᠤᠯ ᠬᠤᠨᠳᠠᠭᠠᠲᠤ︾ ᠰᠤᠷᠭᠠᠭᠤᠯᠢ ᠶᠢᠨ ᠬᠦᠷᠢᠶᠡᠨ ᠤ ᠠᠩᠭᠢ ᠶᠢᠨ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠵᠢᠩᠬᠢᠨᠢ ᠪᠠᠷ ᠡᠬᠢᠯᠡᠪᠡ᠃
     ᠵᠦᠯᠭᠡᠨ ᠲᠠᠯᠠᠪᠠᠢ ᠳᠡᠭᠡᠷ᠎ᠡ᠂ ᠪᠢᠴᠢᠬᠠᠨ ᠪᠥᠮᠪᠥᠭᠡᠴᠢᠨ ᠭᠦᠶᠦᠵᠦ᠂ ᠬᠦᠴᠦ ᠬᠥᠯᠥᠰᠥ ᠪᠠᠨ ᠤᠷᠤᠰᠬᠠᠪᠠ᠃ ᠲᠡᠳᠡ ᠪᠣᠯᠪᠠᠰᠤᠷᠠᠩᠭᠤᠶ ᠤᠷ᠎ᠠ ᠮᠡᠷᠭᠡᠰᠢᠯ᠂ ᠡᠷᠡᠰ ᠬᠠᠲᠠᠭᠤ ᠲᠡᠮᠡᠴᠡᠯ ᠤᠨ ᠵᠣᠷᠢᠭ ᠢᠶᠠᠷ ᠬᠥᠯ ᠪᠥᠮᠪᠦᠭᠡ ᠶᠢᠨ ᠷᠢᠳᠢ ᠰᠢᠳᠢ ᠶᠢ ᠢᠯᠡᠷᠡᠭᠦᠯᠵᠦ ᠪᠠᠶᠢᠳᠠᠭ᠃ ᠤᠳᠠᠭ᠎ᠠ ᠪᠦᠷᠢ ᠶᠢᠨ ᠪᠥᠮᠪᠦᠭᠡ ᠳᠠᠮᠵᠢᠭᠤᠯᠬᠤ᠂ ᠤᠳᠠᠭ᠎ᠠ ᠪᠦᠷᠢ ᠶᠢᠨ ᠡᠭᠦᠳᠡᠨ ᠳᠤ ᠢᠰᠭᠦᠯᠬᠦ ᠵᠡᠷᠭᠡ ᠨᠢ ᠴᠥᠮ ᠲᠡᠳᠡᠨ ᠤ ᠬᠥᠯ ᠪᠥᠮᠪᠦᠭᠡ ᠳᠤ ᠬᠠᠨᠳᠤᠭᠤᠯᠤᠭᠰᠠᠨ ᠬᠠᠶᠢᠷ᠎ᠠ ᠪᠠ ᠢᠯᠠᠯᠲᠠ ᠶᠢᠨ ᠲᠤᠬᠠᠢ ᠬᠦᠰᠡᠯ ᠡᠷᠡᠮᠡᠯᠵᠡᠯ ᠢ ᠨᠢᠭᠲᠠᠷᠠᠭᠤᠯᠵᠤ ᠪᠠᠶᠢᠳᠠᠭ᠃ ᠤᠷᠤᠯᠳᠤᠭᠠᠨ ᠤ ᠲᠤᠬᠠᠶ ᠶᠢᠨ ᠲᠠᠯᠠᠪᠤᠷ ᠲᠤ᠂ ᠬᠥᠯ ᠪᠥᠮᠪᠥᠭᠡᠴᠢᠨ ᠳᠤᠷ᠎ᠠ ᠵᠤᠷᠢᠭ ᠢᠶᠠᠷ ᠢᠶᠠᠨ ᠪᠦᠮᠪᠦᠭᠡ ᠪᠤᠯᠢᠶᠠᠯᠳᠤᠵᠤ᠂ ᠬᠦᠴᠦ ᠬᠥᠯᠥᠰᠥ ᠪᠠᠨ ᠤᠷᠤᠰᠬᠠᠨ᠂ ᠢᠯᠠᠯᠲᠠ ᠶᠢᠨ ᠲᠥᠯᠥᠭᠡ ᠪᠠᠶᠢᠯᠳᠤᠪᠠ᠃ ᠵᠠᠯᠠᠭᠤ ᠨᠠᠰᠤᠨ ᠤ ᠴᠤᠪᠤᠭᠤ ᠳᠡᠭᠵᠢᠨ ᠬᠠᠷᠠᠭᠠᠰᠤ ᠨᠤᠭᠤᠳ ᠬᠥᠯ ᠪᠥᠮᠪᠥᠭᠡᠴᠢᠨ ᠤ ᠴᠤᠭ ᠵᠢᠪᠬᠤᠭ᠎ᠠ ᠪᠠ ᠠᠮᠢᠵᠢᠷᠠᠯ ᠤᠨ ᠬᠦᠴᠦᠨ ᠢ ᠪᠥᠷᠢᠨ ᠪᠠᠳᠠᠷᠠᠭᠤᠯᠪᠠ᠃
     ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠤᠷᠤᠯᠳᠤᠭᠠᠨ ᠪᠣᠯ ᠰᠤᠷᠤᠭᠴᠢᠳ ᠤᠨ ᠬᠥᠯ ᠪᠥᠮᠪᠦᠭᠡ ᠶᠢᠨ ᠬᠥᠳᠡᠯᠭᠡᠭᠡᠨ ᠪᠠ ᠮᠡᠷᠭᠡᠵᠢᠯ ᠤᠨ ᠬᠢᠷᠢ ᠲᠦᠪᠰᠢᠨ ᠤ ᠨᠢᠭᠡ ᠤᠳᠠᠭᠠᠨ ᠤ ᠰᠢᠯᠭᠠᠨ ᠪᠠᠶᠢᠴᠠᠭᠠᠯᠲᠠ ᠮᠥᠨ᠂ ᠪᠠᠰᠠ ᠴᠤ ᠪᠥᠮᠪᠥᠭᠡᠨ ᠠᠩᠭᠢ ᠶᠢᠨ ᠬᠤᠭᠤᠷᠣᠨᠳᠣᠬᠢ ᠥᠷᠢᠰᠥᠯᠳᠦᠭᠡᠨ ᠤ ᠦᠵᠡᠯ ᠤᠬᠠᠮᠰᠠᠷ᠂ ᠪᠦᠯᠬᠦᠮ ᠨᠡᠶᠢᠲᠡ ᠶᠢᠨ ᠵᠣᠷᠢᠭ ᠰᠠᠨᠠᠭ᠎ᠠ᠂ ᠡᠷᠡᠯᠬᠡᠭᠯᠡᠨ ᠲᠡᠮᠡᠴᠡᠬᠦ ᠵᠣᠷᠢᠭ ᠰᠠᠨᠠᠭᠠᠨ ᠤ ᠲᠥᠪᠯᠡᠷᠡᠩᠭᠦᠶ ᠦᠵᠡᠭᠦᠯᠦᠯᠭᠡ ᠮᠥᠨ᠂ ᠨᠠᠩ ᠴᠤ ᠰᠤᠷᠭᠠᠭᠤᠯᠢ ᠶᠢᠨ ᠬᠦᠷᠢᠶᠡᠨ ᠤ ᠨᠡᠷᠡᠨ ᠤ ᠭᠡᠷᠡᠯ ᠤᠨ ᠪᠡᠶ᠎ᠡ ᠶᠢᠨ ᠲᠠᠮᠢᠷ ᠢ ᠶᠡᠬᠡᠪᠡᠷ ᠥᠷᠨᠢᠭᠦᠯᠵᠦ᠂ ᠬᠡᠪ ᠴᠢᠨᠠᠷ ᠤᠨ ᠰᠤᠷᠭᠠᠨ ᠬᠥᠮᠦᠵᠢᠯ ᠢ ᠪᠥᠬᠦ ᠲᠠᠯ᠎ᠠ ᠪᠠᠷ ᠳᠥᠯᠭᠢᠨ ᠠᠬᠢᠭᠤᠯᠬᠤ ᠨᠢᠭᠡ ᠤᠳᠠᠭᠠᠨ ᠤ ᠦᠪᠡᠳᠡᠭᠰᠢ ᠴᠤᠭᠯᠠᠭᠠᠨ ᠮᠥᠨ᠃
          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号