︽ᠢᠦᠶ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ ︵ᠳᠣᠷᠣᠭᠰᠢ ︽ᠲᠠᠰ ᠳᠠᠷᠠᠭᠠᠯᠠᠯ ᠤᠨ | ᠲᠣᠭᠲᠠᠭᠠᠯ︾ ᠭᠡᠵᠦ ᠲᠣᠪᠴᠢᠯᠠᠨ᠎ᠠ︶ ᠢ ᠣᠶᠢᠷ᠎ᠠ ᠶᠢᠨ ᠬᠤᠭᠤᠴᠠᠭᠠᠨ ᠳᠤ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ᠃ | ᠨᠡᠶᠢᠭᠡᠮ ᠨᠡᠶᠢᠲᠡ ᠪᠠᠷ ᠢᠶᠠᠨ ᠬᠠᠮᠢᠶ᠎ᠠ ᠪᠥᠬᠦᠶ ᠠᠭᠤᠯᠭ᠎ᠠ ᠶᠢ ᠥᠷᠭᠡᠨ ᠢᠶᠠᠷ ᠣᠶᠢᠯᠠᠭᠠᠬᠤ ᠳᠤ ᠲᠥᠬᠦᠮ ᠦᠵᠡᠭᠦᠯᠵᠦ᠂ | ᠵᠥᠪ ᠢᠶᠠᠷ ᠣᠶᠢᠯᠠᠭᠠᠵᠤ᠂ ᠵᠢᠷᠤᠮᠯᠠᠨ ᠬᠡᠷᠡᠭᠵᠢᠭᠦᠯᠬᠦ ᠶᠢᠨ ᠲᠥᠯᠥᠭᠡ᠂ ᠡᠳᠦᠭᠡ ᠳᠣᠤᠷᠠᠬᠢ ᠮᠡᠲᠦ ᠲᠠᠶᠢᠯᠤᠮᠵᠢ ᠬᠢᠪᠠ᠃ | ᠠᠰᠠᠭᠤᠯᠲᠠ᠄ ᠶᠠᠭᠤᠨ ᠳᠤ ︽ᠲᠠᠰ ᠳᠠᠷᠠᠭᠠᠯᠠᠯ ᠤᠨ ᠲᠣᠭᠲᠠᠭᠠᠯ︾ ᠢ ᠲᠣᠭᠲᠠᠭᠠᠭᠰᠠᠨ ᠪᠣᠶ︖ | ᠬᠠᠷᠢᠭᠤᠯᠲᠠ᠄ ᠵᠠᠰᠠᠭ ᠵᠠᠬᠢᠷᠭᠠᠨ ᠤ ᠪᠠᠶᠢᠭᠤᠯᠭ᠎ᠠ ᠰᠢᠨᠵᠢᠯᠡᠬᠦ ᠤᠬᠠᠭᠠᠨᠴᠢ ᠪᠠᠷ ᠠᠷᠠᠳᠴᠢᠯᠠᠯ ᠢᠶᠠᠷ ᠬᠠᠤᠯᠢ | ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠵᠤ ᠳᠡᠶᠢᠯᠬᠦ ᠡᠰᠡᠬᠦ ᠨᠢ ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ | ᠬᠡᠮᠵᠢᠶ᠎ᠡ ᠶᠢ ᠬᠠᠷᠠᠭᠤᠯᠵᠤ ᠪᠠᠶᠢᠬᠤ ᠪᠥᠭᠡᠳ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠᠨ ᠵᠥᠪ ᠭᠦᠢᠴᠡᠳᠬᠡᠵᠦ | ᠳᠡᠶᠢᠯᠬᠦ ᠡᠰᠡᠬᠦ ᠳᠤ ᠬᠤᠯᠪᠣᠭᠳᠠᠬᠤ ᠶᠤᠮ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ | ᠲᠣᠭᠲᠠᠭᠠᠬᠤ ᠳᠡᠰ ᠳᠠᠷᠠᠭᠠᠯᠠᠯ ᠢ ᠵᠢᠷᠤᠮᠵᠢᠭᠤᠯᠬᠤ ᠪᠣᠯ ᠬᠠᠥᠯᠢᠵᠢᠯ ᠤᠨ ᠵᠠᠰᠠᠭ ᠤᠨ ᠣᠷᠳᠣᠨ ᠢ ᠪᠠᠶᠢᠭᠤᠯᠬᠤ ᠶᠢᠨ | ᠵᠠᠶᠢᠯᠠᠰᠢ ᠦᠭᠡᠢ ᠱᠠᠭᠠᠷᠳᠠᠯᠭ᠎ᠠ ᠮᠥᠨ᠂ ᠨᠡᠶᠢᠭᠡᠮ ᠤᠨ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠡᠭᠦᠨ ᠤ ᠬᠠᠮᠲᠤ᠂ | ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠶᠢᠨ ᠰᠢᠨᠵᠢᠯᠡᠬᠦ ᠤᠬᠠᠭᠠᠨᠴᠢᠯᠠᠯᠲᠠ᠂ ᠠᠷᠠᠳᠴᠢᠯᠠᠯᠲᠠ᠂ | ᠬᠠᠤᠯᠢᠵᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠡᠷᠬᠡ ᠶᠢᠨ | ᠬᠢᠵᠠᠭᠠᠷᠯᠠᠯ ᠪᠠ ᠬᠢᠨᠠᠯᠲᠠ ᠶᠢ ᠴᠢᠩᠭᠠᠳᠬᠠᠨ᠂ ᠵᠠᠰᠠᠭ ᠤᠨ ᠣᠷᠳᠣᠨ ᠤ ᠤᠯᠠᠨ ᠨᠡᠶᠢᠲᠡ ᠶᠢ ᠢᠲᠡᠭᠡᠭᠦᠯᠬᠦ ᠬᠦᠴᠦᠨ | ᠪᠠ ᠭᠦᠢᠴᠡᠳᠬᠡᠬᠦ ᠬᠦᠴᠦᠨ ᠢ ᠳᠡᠭᠡᠭᠰᠢᠯᠡᠭᠦᠯᠵᠦ᠂ ᠬᠠᠥᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ | ᠠᠬᠢᠴᠠ ᠶᠢ ᠲᠦᠷᠭᠡᠪᠴᠢᠯᠡᠨ ᠠᠬᠢᠭᠤᠯᠬᠤ ᠳᠤ ᠲᠦᠢᠯ ᠤᠨ ᠴᠢᠬᠤᠯᠠ ᠪᠣᠳᠠᠲᠤ ᠠᠴᠢ ᠬᠤᠯᠪᠣᠭᠳᠠᠯ ᠲᠠᠢ ᠶᠤᠮ᠃ | ᠡᠶᠢᠮᠦ ᠠᠴᠠ᠂ ᠢᠦᠢ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ᠂ | ᠠᠷᠠᠳᠴᠢᠯᠠᠯ ᠲᠠᠢ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ ᠪᠦᠷᠢᠨᠰᠢᠭᠦᠯᠵᠦ᠂ | ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢ ᠤᠯᠠᠮ ᠨᠢᠭᠡ | ᠠᠯᠬᠤᠮ ᠵᠢᠷᠤᠮᠵᠢᠭᠤᠯᠤᠨ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠠᠰᠤ ᠴᠢᠨᠠᠷ ᠪᠠ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠠᠷᠢᠭᠤᠴᠠᠯᠭ᠎ᠠ ᠶᠢ ᠲᠣᠳᠣᠷᠬᠠᠶᠢᠯᠠᠬᠤ ᠶᠢᠨ ᠲᠥᠯᠥᠭᠡ᠂ | ︽ᠳᠡᠰ ᠳᠠᠷᠠᠭᠠᠯᠠᠯ ᠤᠨ ᠲᠣᠭᠲᠠᠭᠠᠯ︾ ᠢ ᠲᠣᠭᠲᠠᠭᠠᠪᠠ᠃ | ᠠᠰᠠᠭᠤᠯᠲᠠ᠄ ︽ᠲᠠᠰ ᠳᠠᠷᠠᠭᠠᠯᠠᠯ ᠤᠨ ᠲᠣᠭᠲᠠᠭᠠᠯ︾ ᠳᠤ ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠬᠦᠷᠢᠶ᠎ᠡ ᠬᠡᠪᠴᠢᠶ᠎ᠡ ᠶᠢ ᠬᠡᠷᠬᠢᠨ ᠲᠣᠭᠲᠠᠭᠠᠬᠤ ᠪᠣᠢ︖ | ᠬᠠᠷᠢᠭᠤᠯᠲᠠ᠄ ︽ᠲᠠᠰ ᠳᠠᠷᠠᠭᠠᠯᠠᠯ ᠤᠨ ᠲᠣᠭᠲᠠᠭᠠᠯ︾ ᠨᠢ ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠬᠡᠪᠴᠢᠶ᠎ᠡ ᠶᠢ ᠵᠢᠭᠰᠠᠭᠠᠨ ᠲᠣᠭᠠᠴᠢᠬᠤ ᠪᠠᠷ ᠳᠠᠮᠵᠢᠭᠤᠯᠤᠨ | ᠬᠦᠷᠢᠶ᠎ᠡ ᠬᠡᠪᠴᠢᠶ᠎ᠡ ᠶᠢ ᠲᠤᠭᠲᠠᠭᠠᠨ᠎ᠠ᠃ ᠵᠢᠭᠰᠠᠭᠠᠭᠰᠠᠨ ᠵᠦᠢᠯᠡᠰ ᠲᠤ᠄ ︵ᠨᠢᠭᠡ︶ ᠣᠯᠠᠨ ᠨᠡᠶᠢᠲᠡ ᠶᠢᠨ | ᠦᠢᠯᠡᠴᠢᠯᠡᠭᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠨᠡᠶᠢᠭᠡᠮ ᠤᠨ ᠬᠠᠮᠢᠶᠠᠷᠤᠯᠲᠠ᠂ ᠣᠷᠴᠢᠨ | ᠲᠣᠭᠤᠷᠢᠨ ᠤ ᠬᠠᠮᠠᠭᠠᠯᠠᠯᠲᠠ ᠵᠡᠷᠭᠡ ᠲᠠᠯ᠎ᠠ ᠪᠠᠷ ᠬᠢ ᠴᠢᠬᠤᠯᠠ ᠶᠡᠭᠡ ᠣᠯᠠᠨ ᠨᠡᠶᠢᠲᠡ ᠶᠢᠨ ᠲᠥᠷᠥ ᠶᠢᠨ ᠪᠣᠳᠣᠯᠭ᠎ᠠ | ᠪᠠ ᠠᠷᠭ᠎ᠠ ᠬᠡᠮᠵᠢᠶ᠎ᠡ ᠶᠢ ᠲᠣᠭᠲᠠᠭᠠᠨ᠎ᠠ︔ ︵ᠬᠤᠶᠠᠷ︶ ᠠᠵᠤ ᠠᠬᠤᠶ ᠪᠠ ᠨᠡᠶᠢᠭᠡᠮ ᠤᠨ ᠬᠥᠭᠵᠢᠯᠲᠡ ᠵᠡᠷᠭᠡ | ᠲᠠᠯ᠎ᠠ ᠶᠢᠨ ᠴᠢᠬᠤᠯᠠ ᠶᠡᠭᠡ ᠲᠥᠯᠥᠪᠵᠢᠭᠦᠯᠭᠡ ᠶᠢ ᠲᠣᠭᠲᠠᠭᠠᠨ᠎ᠠ︔ ︵ᠭᠤᠷᠪᠠ︶ ᠴᠢᠬᠤᠯᠠ ᠪᠠᠶᠢᠭᠠᠯᠢ ᠶᠢᠨ ᠡᠬᠢ | ᠪᠠᠶᠠᠯᠢᠭ ᠪᠠ ᠰᠣᠶᠣᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠬᠠᠮᠠᠭᠠᠯᠠᠬᠤ ᠴᠢᠬᠤᠯᠠ ᠶᠡᠭᠡ ᠣᠯᠠᠨ | ᠨᠡᠶᠢᠲᠡ ᠶᠢᠨ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠲᠣᠭᠲᠠᠭᠠᠨ᠎ᠠ︔ ︵ᠳᠥᠷᠪᠡ︶ ᠲᠤᠰ ᠵᠠᠰᠠᠭ | ᠵᠠᠬᠢᠷᠭᠠᠨ ᠤ ᠣᠷᠣᠨ ᠪᠦᠰᠡ ᠳᠤ ᠬᠡᠷᠡᠭᠵᠢᠭᠦᠯᠬᠦ ᠴᠢᠬᠤᠯᠠ ᠶᠡᠭᠡ ᠣᠯᠠᠨ ᠨᠡᠶᠢᠲᠡ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠲᠣᠭᠲᠠᠭᠠᠨ᠎ᠠ︔ ︵ᠲᠠᠪᠤ︶ ᠠᠵᠤ ᠠᠬᠤᠶ ᠨᠡᠶᠢᠭᠡᠮ ᠤᠨ ᠬᠥᠭᠵᠢᠯᠲᠡ ᠳᠤ | ᠴᠢᠬᠤᠯᠠ ᠶᠡᠭᠡ ᠨᠥᠯᠥᠭᠡ ᠲᠠᠢ᠂ ᠴᠢᠬᠤᠯᠠ ᠶᠡᠭᠡ ᠣᠯᠠᠨ ᠨᠡᠶᠢᠲᠡ ᠶᠢᠨ ᠠᠰᠢᠭ ᠲᠤᠰᠠ ᠪᠤᠶᠤ ᠨᠡᠶᠢᠭᠡᠮ ᠨᠡᠶᠢᠲᠡ ᠶᠢᠨ | ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠪᠤᠰᠤᠳ ᠴᠢᠬᠤᠯᠠ ᠶᠡᠭᠡ ᠵᠦᠢᠯᠡᠰ ᠢ ᠲᠣᠭᠲᠠᠭᠠᠨ᠎ᠠ᠃ | ᠠᠰᠠᠭᠤᠯᠲᠠ᠄ ᠣᠯᠠᠨ ᠨᠡᠶᠢᠲᠡ ᠶᠢᠨ ᠣᠷᠣᠯᠴᠠᠯᠭ᠎ᠠ ᠶᠢᠨ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠬᠦ ᠶᠢᠨ | ᠲᠥᠯᠥᠭᠡ᠂ ︽ᠲᠠᠰ ᠳᠠᠷᠠᠭᠠᠯᠠᠯ ᠤᠨ ᠲᠣᠭᠲᠠᠭᠠᠯ︾ ᠳᠤ ᠶᠠᠮᠠᠷ ᠲᠣᠭᠲᠠᠭᠠᠯ ᠭᠠᠷᠭᠠᠭᠰᠠᠨ ᠪᠣᠶ︖ | ᠬᠠᠷᠢᠭᠤᠯᠲᠠ᠄ ᠨᠢᠭᠡ ᠳᠤ᠂ ᠣᠯᠠᠨ ᠨᠡᠶᠢᠲᠡ ᠶᠢᠨ ᠰᠠᠨᠠᠯ ᠢ ᠰᠣᠨᠣᠰᠬᠤ ᠠᠷᠭ᠎ᠠ ᠬᠡᠯᠪᠡᠷᠢ ᠪᠠ ᠠᠷᠭ᠎ᠠ ᠶᠢᠨ | ᠲᠠᠯ᠎ᠠ ᠪᠠᠷ᠂ ᠨᠡᠶᠢᠭᠡᠮ ᠠᠴᠠ ᠢᠯᠡ ᠪᠠᠷ ᠰᠠᠨᠠᠯ ᠬᠤᠷᠢᠶᠠᠬᠤ᠂ ᠪᠢᠴᠢᠭ ᠢᠶᠠᠷ ᠰᠠᠨᠠᠯ ᠬᠤᠷᠢᠶᠠᠬᠤ᠂ ᠭᠡᠷᠡᠴᠢᠯᠡᠭᠡ | ᠰᠣᠨᠣᠰᠬᠤ ᠬᠤᠷᠠᠯ᠂ ᠶᠠᠷᠢᠯᠴᠠᠬᠤ ᠬᠤᠷᠠᠯ᠂ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ᠂ ᠨᠡᠶᠢᠭᠡᠮ ᠤᠨ | ᠪᠠᠶᠢᠴᠠᠭᠠᠯᠲᠠ ᠬᠢᠬᠦ ᠵᠡᠷᠭᠡ ᠣᠯᠠᠨ ᠵᠦᠢᠯ ᠤᠨ ᠬᠡᠯᠪᠡᠷᠢ ᠶᠢ ᠪᠠᠭᠲᠠᠭᠠᠵᠤ᠂ ᠣᠯᠠᠨ ᠨᠡᠶᠢᠲᠡ ᠶᠢᠨ ᠣᠷᠣᠯᠴᠠᠬᠤ ᠳᠤ | ᠲᠥᠬᠦᠮ ᠦᠵᠡᠭᠦᠯᠬᠦ ᠠᠷᠭ᠎ᠠ ᠮᠠᠶ᠋ᠢᠭ ᠢ ᠠᠪᠴᠤ᠂ ᠨᠡᠶᠢᠭᠡᠮ ᠨᠡᠶᠢᠲᠡ ᠶᠢᠨ ᠰᠠᠨᠠᠯ ᠢ ᠭᠦᠢᠴᠡᠳ ᠰᠣᠨᠣᠰᠬᠤ ᠶᠢ | ᠱᠠᠭᠠᠷᠳᠠᠪᠠ᠃ ᠬᠤᠶᠠᠷ ᠲᠤ᠂ ᠪᠣᠳᠠᠲᠠᠶ ᠲᠠᠰ ᠳᠠᠷᠠᠭᠠᠯᠠᠯ ᠤᠨ ᠱᠠᠭᠠᠷᠳᠠᠯᠭ᠎ᠠ ᠶᠢᠨ ᠲᠠᠯ᠎ᠠ ᠪᠠᠷ᠂ ᠵᠢᠱᠢᠶᠡᠯᠡᠪᠡᠯ | ᠢᠯᠡ ᠪᠠᠷ ᠰᠠᠨᠠᠯ ᠬᠤᠷᠢᠶᠠᠵᠤ᠂ ᠰᠢᠢᠳᠪᠦᠷᠢᠲᠦ ᠪᠣᠳᠣᠯᠭ᠎ᠠ ᠶᠢᠨ ᠲᠥᠰᠦᠯ ᠵᠢᠴᠢ ᠲᠣᠳᠣᠷᠬᠠᠶᠢᠯᠠᠯᠲᠠ ᠵᠡᠷᠭᠡ | ᠮᠠᠲ᠋ᠧᠷᠢᠶᠠᠯ ᠢ ᠨᠡᠶᠢᠲᠡᠯᠡᠵᠦ᠂ ᠰᠠᠨᠠᠯ ᠳᠤᠷᠠᠳᠬᠤ ᠠᠷᠭ᠎ᠠ ᠮᠠᠶ᠋ᠢᠭ ᠪᠠ ᠬᠤᠭᠤᠴᠠᠭ᠎ᠠ ᠬᠢᠵᠠᠭᠠᠷ ᠢ | ᠲᠤᠲᠤᠷᠬᠠᠶᠢᠯᠠᠬᠤ ᠶᠢ ᠱᠠᠭᠠᠷᠳᠠᠪᠠ᠃ ᠲᠡᠷᠡᠴᠢᠯᠡᠨ ᠢᠯᠡ ᠪᠠᠷ ᠰᠠᠨᠠᠯ ᠬᠤᠷᠢᠶᠠᠬᠤ ᠬᠤᠭᠤᠴᠠᠭ᠎ᠠ ᠶᠢ ᠡᠩ ᠤᠨ | ᠪᠠᠶᠢᠳᠠᠯ ᠳᠤ 30 ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠢ᠂ ᠪᠠᠶᠢᠳᠠᠯ ᠪᠠᠴᠢᠮ ᠵᠡᠷᠭᠡ ᠰᠢᠯᠲᠠᠭᠠᠨ ᠠᠴᠠ | ᠪᠣᠯᠵᠤ ᠬᠤᠭᠤᠴᠠᠭ᠎ᠠ ᠶᠢ ᠪᠣᠭᠤᠨᠢᠰᠬᠠᠬᠤ ᠴᠢᠬᠤᠯᠠᠲᠠᠢ ᠪᠣᠯ ᠢᠯᠡ ᠪᠠᠷ ᠰᠠᠨᠠᠯ ᠬᠤᠷᠢᠶᠠᠬᠤ ᠳᠤ ᠰᠢᠯᠲᠠᠭᠠᠨ ᠢᠶᠠᠨ | ᠲᠣᠳᠣᠷᠬᠠᠶᠢᠯᠠᠬᠤ ᠬᠡᠷᠡᠭᠲᠡᠶ᠃ ᠨᠡᠶᠢᠭᠡᠮ ᠨᠡᠶᠢᠲᠡ ᠶᠢᠨ ᠨᠡᠶᠢᠳᠡᠮ ᠠᠩᠬᠠᠷᠴᠤ ᠪᠠᠶᠢᠭ᠎ᠠ ᠪᠤᠶᠤ ᠲᠤᠰᠬᠠᠶ ᠮᠡᠷᠭᠡᠵᠢᠯ ᠤᠨ | ᠴᠢᠨᠠᠷ᠂ ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠵᠦᠢᠯᠡᠰ ᠢ | ᠲᠤᠰᠬᠠᠶ ᠮᠡᠷᠭᠡᠵᠢᠯᠲᠡᠨ ᠤ ᠰᠤᠷᠪᠤᠯᠵᠢᠯᠠᠨ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠲᠠᠶᠢᠯᠪᠤᠷᠢᠯᠠᠨ ᠲᠣᠳᠣᠷᠬᠠᠶᠢᠯᠠᠵᠤ | ᠪᠣᠯᠤᠨ᠎ᠠ᠃ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠲᠤᠰ | ᠪᠡᠶ᠎ᠡ ᠶᠢᠨ ᠠᠰᠢᠭ ᠲᠤᠰᠠ ᠳᠤ ᠰᠢᠭᠤᠳ ᠬᠤᠯᠪᠣᠭᠳᠠᠬᠤ ᠪᠤᠶᠤ ᠨᠡᠯᠢᠶᠡᠳ ᠶᠡᠭᠡ ᠵᠥᠷᠢᠯᠳᠦᠭᠡᠨ ᠲᠠᠢ ᠪᠠᠶᠢᠪᠠᠯ᠂ | ᠪᠠᠰᠠ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠵᠤ ᠪᠣᠯᠤᠨ᠎ᠠ᠃ | ᠠᠰᠠᠭᠤᠯᠲᠠ᠄ ︽ᠲᠠᠰ ᠳᠠᠷᠠᠭᠠᠯᠠᠯ ᠤᠨ ᠲᠣᠭᠲᠠᠭᠠᠯ︾ ᠳᠤ ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ ᠵᠢᠷᠤᠮᠵᠢᠭᠤᠯᠬᠤ ᠲᠠᠯ᠎ᠠ ᠪᠠᠷ ᠶᠠᠮᠠᠷ ᠲᠣᠭᠲᠠᠭᠠᠯ | ᠭᠠᠷᠭᠠᠭᠰᠠᠨ ᠪᠣᠶ︖ | ᠬᠠᠷᠢᠭᠤᠯᠲᠠ᠄ ︽ᠲᠠᠰ ᠳᠠᠷᠠᠭᠠᠯᠠᠯ ᠤᠨ ᠲᠣᠭᠲᠠᠭᠠᠯ︾ ᠨᠢ ᠰᠶᠢᠳᠪᠦᠷᠢᠲᠦ ᠪᠣᠳᠣᠯᠭ᠎ᠠ ᠶᠢ ᠡᠬᠢᠯᠡᠭᠦᠯᠬᠦ᠂ | ᠣᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ | ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ ᠲᠣᠭᠲᠠᠭᠠᠬᠤ᠂ ᠰᠶᠢᠳᠪᠦᠷᠢᠲᠦ | ᠪᠣᠳᠣᠯᠭ᠎ᠠ ᠶᠢ ᠨᠡᠶᠢᠲᠡᠯᠡᠬᠦ᠂ ᠰᠶᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠪᠠ ᠰᠶᠢᠳᠪᠦᠷᠢᠲᠦ ᠪᠣᠳᠣᠯᠭ᠎ᠠ ᠶᠢ | ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠯᠲᠡ ᠵᠡᠷᠭᠡ ᠲᠠᠰ ᠳᠠᠷᠠᠭᠠᠯᠠᠯ ᠤᠨ ᠱᠠᠭᠠᠷᠳᠠᠯᠭ᠎ᠠ ᠶᠢ ᠲᠥᠪᠯᠡᠷᠡᠩᠭᠦᠶ | ᠢᠯᠡᠷᠡᠭᠦᠯᠪᠡ᠃ ᠨᠢᠭᠡ ᠳᠤ᠂ ᠰᠢᠢᠳᠪᠦᠷᠢᠲᠦ ᠪᠤᠳᠤᠯᠭ᠎ᠠ ᠶᠢᠨ ᠲᠥᠰᠦᠯ ᠤᠨ ᠪᠦᠷᠢᠯᠳᠦᠬᠦ ᠶᠠᠪᠤᠴᠠ ᠶᠢ | ᠵᠢᠷᠤᠮᠵᠢᠭᠤᠯᠵᠤ᠂ ᠭᠤᠣᠯᠳᠠᠭᠤ ᠰᠢᠢᠳᠪᠦᠷᠢᠲᠦ ᠪᠤᠳᠤᠯᠭ᠎ᠠ ᠶᠢ ᠡᠬᠢᠯᠡᠭᠦᠯᠬᠦ᠂ ᠤᠯᠠᠨ ᠨᠡᠶᠢᠲᠡ ᠪᠠᠷ ᠢᠶᠠᠨ ᠣᠷᠣᠯᠴᠠᠬᠤ᠂ | ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ ᠪᠠ ᠠᠶᠤᠯ ᠲᠦᠭᠰᠢᠭᠦᠷᠢ ᠶᠢ ᠦᠨᠡᠯᠡᠨ ᠵᠢᠱᠢᠬᠦ ᠲᠡᠰ ᠳᠠᠷᠠᠭᠠᠯᠠᠯ ᠢ | ᠲᠣᠭᠲᠠᠭᠠᠪᠠ᠃ ᠬᠠᠤᠯᠢ ᠶᠣᠰᠣᠭᠠᠷ ᠢᠯᠡ ᠪᠣᠯᠭᠠᠵᠤ ᠪᠣᠯᠬᠤ ᠦᠭᠡᠢ ᠭᠡᠵᠦ ᠲᠣᠭᠲᠠᠭᠠᠭᠰᠠᠨ ᠠᠴᠠ ᠭᠠᠳᠠᠨ᠎ᠠ᠂ | ᠤᠯᠠᠨ ᠨᠡᠶᠢᠲᠡ ᠶᠢᠨ ᠰᠠᠨᠠᠯ ᠢ ᠭᠦᠢᠴᠡᠳ ᠰᠣᠨᠣᠰᠬᠤ ᠬᠡᠷᠡᠭᠲᠡᠢ︔ ᠲᠤᠰᠬᠠᠶ ᠮᠡᠷᠭᠡᠵᠢᠯ ᠤᠨ ᠴᠢᠨᠠᠷ᠂ ᠮᠡᠷᠭᠡᠵᠢᠯ ᠤᠨ | ᠴᠢᠨᠠᠷ ᠢᠶᠠᠷ ᠨᠡᠯᠢᠶᠡᠳ ᠴᠢᠩᠭ᠎ᠠ ᠰᠶᠢᠳᠪᠦᠷᠢᠲᠦ ᠪᠤᠳᠤᠯᠭ᠎ᠠ ᠶᠢᠨ ᠵᠦᠢᠯᠡᠰ ᠢ ᠲᠤᠰᠬᠠᠶ ᠮᠡᠷᠭᠡᠵᠢᠯᠲᠡᠨ ᠢᠶᠠᠷ | ᠨᠤᠲᠠᠯᠠᠭᠤᠯᠬᠤ ᠬᠡᠷᠡᠭᠲᠡᠶ︔ ᠰᠶᠢᠳᠪᠦᠷᠢᠲᠦ ᠪᠤᠳᠤᠯᠭ᠎ᠠ ᠶᠢᠨ ᠬᠡᠷᠡᠭᠵᠢᠭᠦᠯᠦᠯᠲᠡ ᠨᠢ ᠤᠯᠤᠰ ᠤᠨ ᠠᠮᠤᠷ ᠲᠦᠪᠰᠢᠨ᠂ | ᠤᠯᠤᠰ ᠲᠦᠷᠦ ᠶᠢᠨ ᠠᠮᠤᠷ ᠲᠦᠪᠰᠢᠨ᠂ ᠨᠡᠶᠢᠭᠡᠮ ᠤᠨ ᠲᠣᠭᠲᠠᠭᠤᠨ ᠪᠠᠶᠢᠳᠠᠯ᠂ ᠤᠯᠠᠨ ᠨᠡᠶᠢᠲᠡ ᠶᠢᠨ ᠠᠮᠤᠷ | ᠲᠦᠪᠰᠢᠨ᠂ ᠠᠮᠢ ᠠᠬᠤᠶ ᠶᠢᠨ ᠣᠷᠴᠢᠨ ᠲᠣᠭᠤᠷᠢᠨ ᠵᠡᠷᠭᠡ ᠳᠤ ᠠᠰᠢᠭ ᠦᠭᠡᠢ ᠨᠥᠯᠥᠭᠡ ᠦᠵᠡᠭᠦᠯᠵᠦ ᠮᠡᠳᠡᠬᠦ ᠳᠤ | ᠭᠦᠷᠪᠡᠯ᠂ ᠲᠦᠭᠰᠢᠭᠦᠷᠢ ᠶᠢ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠬᠤ ᠬᠡᠷᠡᠭᠲᠡᠶ᠃ ᠬᠤᠶᠠᠷ ᠲᠤ᠂ ᠬᠠᠤᠯᠢ | ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠵᠠᠪᠠᠯ ᠥᠩᠭᠡᠷᠡᠭᠡᠬᠦ ᠳᠡᠰ ᠳᠠᠷᠠᠭᠠᠯᠠᠯ ᠪᠣᠯᠭᠠᠬᠤ ᠶᠢ ᠲᠣᠳᠣᠷᠬᠠᠶᠢᠯᠠᠪᠠ᠃ | ᠰᠢᠢᠳᠪᠦᠷᠢᠲᠦ ᠪᠣᠳᠣᠯᠭ᠎ᠠ ᠶᠢᠨ ᠲᠥᠰᠦᠯ ᠢ ᠲᠣᠭᠲᠠᠭᠠᠬᠤ ᠳᠤ ᠤᠷᠢᠳᠠᠪᠠᠷ ᠰᠢᠢᠳᠪᠦᠷᠢᠲᠦ ᠪᠣᠳᠣᠯᠭ᠎ᠠ ᠶᠢ ᠳᠠᠭᠠᠭᠠᠨ | ᠠᠪᠴᠤ ᠭᠦᠢᠴᠡᠳᠬᠡᠬᠦ ᠨᠢᠭᠡᠴᠢ ᠶᠢᠨ ᠬᠠᠤᠯᠢ ᠲᠦᠷᠢᠮ ᠤᠨ ᠠᠵᠢᠯ ᠢ ᠬᠠᠷᠢᠭᠤᠴᠠᠬᠤ ᠪᠠᠶᠢᠭᠤᠯᠤᠮᠵᠢ ᠪᠠᠷ | ᠳᠠᠮᠵᠢᠭᠤᠯᠤᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠲᠥᠰᠦᠯ ᠢ ᠰᠤᠳᠤᠯᠬᠤ ᠶᠢᠨ | ᠬᠠᠮᠲᠤ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠭᠰᠠᠨ ᠰᠠᠨᠠᠯ ᠭᠠᠷᠭᠠᠵᠤ᠂ ᠬᠠᠤᠯᠢ ᠶᠣᠰᠣᠴᠢ ᠴᠢᠨᠠᠷ ᠢ ᠬᠢᠨᠠᠨ | ᠪᠠᠶᠢᠴᠠᠭᠠᠭᠰᠠᠨ ᠥᠬᠡᠶ ᠪᠤᠶᠤ ᠬᠢᠨᠠᠨ ᠪᠠᠶᠢᠴᠠᠭᠠᠭᠠᠳ ᠬᠠᠤᠯᠢ ᠶᠣᠰᠣᠨ ᠳᠤ ᠨᠡᠶᠢᠴᠡᠬᠦ ᠥᠬᠡᠶ ᠪᠠᠶᠢᠪᠠᠯ᠂ | ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠬᠡᠬᠦ ᠨᠢᠭᠡᠴᠢ ᠳᠤ ᠳᠡᠪᠰᠢᠭᠦᠯᠵᠦ ᠬᠠᠮᠲᠤ ᠪᠠᠷ | ᠶᠠᠷᠢᠯᠴᠠᠭᠤᠯᠵᠤ ᠪᠣᠯᠬᠤ ᠥᠬᠡᠶ᠃ ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠬᠡᠬᠦ ᠨᠢᠭᠡᠴᠢ ᠶᠢᠨ | ᠬᠠᠮᠲᠤ ᠪᠠᠷ ᠶᠠᠷᠢᠯᠴᠠᠵᠤ ᠪᠠᠲᠤᠯᠠᠭᠰᠠᠨ ᠤ ᠳᠠᠷᠠᠭᠠᠬᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ | ᠲᠣᠭᠲᠠᠭᠠᠬᠤ ᠵᠦᠢᠯᠡᠰ ᠢ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠳᠤ ᠬᠦᠷᠭᠡᠵᠦ ᠬᠠᠤᠯᠢ ᠶᠣᠰᠣᠴᠢ | ᠴᠢᠨᠠᠷ ᠤᠨ ᠬᠢᠨᠠᠨ ᠪᠠᠶᠢᠴᠠᠭᠠᠯᠲᠠ ᠬᠢᠯᠭᠡᠪᠡᠯ ᠵᠣᠬᠢᠨ᠎ᠠ᠂ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠬᠢᠭᠰᠡᠨ | ᠥᠬᠡᠶ ᠪᠤᠶᠤ ᠬᠢᠨᠠᠨ ᠪᠠᠶᠢᠴᠠᠭᠠᠭᠠᠳ ᠬᠠᠤᠯᠢ ᠶᠣᠰᠣᠨ ᠳᠤ ᠨᠡᠶᠢᠴᠡᠬᠦ ᠥᠬᠡᠶ ᠪᠠᠶᠢᠪᠠᠯ᠂ ᠲᠤᠭᠤᠷᠢᠭ ᠤᠨ ᠵᠠᠰᠠᠭ ᠤᠨ | ᠣᠷᠳᠣᠨ ᠳᠤ ᠳᠡᠪᠰᠢᠭᠦᠯᠦᠨ ᠶᠠᠷᠢᠯᠴᠠᠭᠤᠯᠵᠤ ᠪᠣᠯᠬᠤ ᠥᠬᠡᠶ᠃ ᠭᠤᠷᠪᠠ ᠳᠤ᠂ ᠬᠠᠮᠲᠤ ᠪᠠᠷ ᠶᠠᠷᠢᠯᠴᠠᠨ | ᠲᠣᠭᠲᠠᠭᠠᠬᠤ ᠶᠢ ᠵᠠᠪᠠᠯ ᠥᠩᠭᠡᠷᠡᠭᠡᠬᠦ ᠳᠡᠰ ᠳᠠᠷᠠᠭᠠᠯᠠᠯ ᠪᠣᠯᠭᠠᠬᠤ ᠶᠢ ᠲᠣᠳᠣᠷᠬᠠᠶᠢᠯᠠᠪᠠ᠃ ᠴᠢᠬᠤᠯᠠ ᠶᠡᠭᠡ ᠵᠠᠰᠠᠭ | ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠢ ᠲᠣᠭᠤᠷᠢᠭ ᠤᠨ ᠵᠠᠰᠠᠭ ᠤᠨ ᠣᠷᠳᠣᠨ ᠤ | ᠪᠠᠶᠢᠩᠭᠤ ᠶᠢᠨ ᠬᠤᠷᠠᠯ ᠪᠤᠶᠤ ᠪᠥᠬᠦᠳᠡ ᠬᠤᠷᠠᠯ ᠢᠶᠠᠷ ᠲᠣᠭᠲᠠᠭᠠᠨ᠎ᠠ᠃ ᠬᠠᠮᠲᠤ ᠪᠠᠷ ᠶᠠᠷᠢᠯᠴᠠᠭᠰᠠᠨ ᠦᠭᠡᠶ ᠪᠠᠷ | ᠰᠢᠢᠳᠪᠦᠷᠢᠲᠦ ᠪᠣᠳᠣᠯᠭ᠎ᠠ ᠭᠠᠷᠭᠠᠵᠤ ᠪᠣᠯᠬᠤ ᠦᠭᠡᠶ᠃ ᠲᠦᠷᠪᠡ ᠳᠤ᠂ ᠰᠢᠢᠳᠪᠦᠷᠢᠲᠦ ᠪᠤᠳᠤᠯᠭ᠎ᠠ ᠶᠢ | ᠬᠡᠷᠡᠭᠵᠢᠭᠦᠯᠬᠦ ᠳᠤ ᠱᠠᠭᠠᠷᠳᠠᠯᠭ᠎ᠠ ᠳᠤᠷᠠᠳᠪᠠ᠃ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠨᠢᠭᠡᠴᠢ ᠴᠢᠬᠤᠯᠠ ᠶᠡᠭᠡ | ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠬᠠᠤᠯᠢ ᠶᠣᠰᠣᠭᠠᠷ ᠪᠦᠬᠦ ᠲᠠᠯ᠎ᠠ ᠪᠠᠷ᠂ ᠴᠠᠭ ᠲᠤᠬᠠᠶ ᠳᠤᠨᠢ᠂ | ᠵᠥᠪ ᠢᠶᠠᠷ ᠬᠡᠷᠡᠭᠵᠢᠭᠦᠯᠵᠦ᠂ ᠬᠡᠷᠡᠭᠵᠢᠭᠦᠯᠦᠯᠲᠡ ᠶᠢᠨ ᠶᠠᠰᠤ ᠴᠢᠨᠠᠷ ᠪᠠ ᠠᠬᠢᠴᠠ ᠶᠢ ᠦᠨᠡᠨᠬᠦ ᠪᠠᠲᠤᠯᠠᠵᠤ᠂ | ᠬᠡᠷᠡᠭᠵᠢᠭᠦᠯᠦᠯᠲᠡ ᠶᠢᠨ ᠦᠷ᠎ᠡ ᠪᠦᠲᠦᠮᠵᠢ ᠶᠢ ᠮᠥᠷᠳᠡᠬᠦ ᠶᠢᠨ ᠬᠠᠮᠲᠤ ᠲᠤᠭᠤᠷᠢᠭ ᠤᠨ ᠵᠠᠰᠠᠭ ᠤᠨ ᠣᠷᠳᠣᠨ ᠳᠤ | ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢᠶᠠᠨ ᠮᠡᠳᠡᠭᠦᠯᠬᠦ ᠬᠡᠷᠡᠭᠲᠡᠶ᠃ ᠲᠠᠪᠤ ᠳᠤ᠂ ᠰᠢᠢᠳᠪᠦᠷᠢᠲᠦ | ᠪᠤᠳᠤᠯᠭ᠎ᠠ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠯᠲᠡ ᠶᠢᠨ ᠪᠠᠶᠢᠳᠠᠯ ᠢ ᠲᠤᠲᠤᠷᠬᠠᠶᠢᠯᠠᠪᠠ᠃ ᠡᠭᠦᠨ ᠳᠤ᠄ | ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠦᠨᠳᠦᠰᠦ ᠪᠠᠷᠢᠮᠲᠠ ᠪᠣᠯᠭᠠᠭᠰᠠᠨ ᠬᠠᠤᠯᠢ ᠴᠠᠭᠠᠵᠠ᠂ ᠬᠠᠤᠯᠢ | ᠲᠣᠭᠲᠠᠭᠠᠯ᠂ ᠳᠦᠷᠢᠮ ᠲᠣᠭᠲᠠᠭᠠᠯ᠂ ᠲᠥᠷᠥ ᠶᠢᠨ ᠪᠣᠳᠣᠯᠭ᠎ᠠ ᠪᠤᠶᠤ ᠪᠤᠰᠤᠳ ᠪᠤᠰᠤᠳᠴᠢ ᠪᠠᠶᠢᠳᠠᠯ ᠳᠤ ᠴᠢᠬᠤᠯᠠ | ᠶᠡᠭᠡ ᠬᠤᠪᠢᠷᠠᠯᠲᠠ ᠭᠠᠷᠤᠭᠰᠠᠨ︔ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ | ᠬᠡᠷᠡᠭᠵᠢᠭᠦᠯᠦᠭᠰᠡᠨ ᠤ ᠳᠠᠷᠠᠭ᠎ᠠ ᠵᠢᠱᠢᠭᠰᠡᠨ ᠦᠷ᠎ᠡ ᠪᠦᠲᠦᠮᠵᠢ ᠳᠤ ᠢᠯᠡᠳᠲᠡ ᠬᠦᠷᠴᠦ ᠴᠢᠳᠠᠭᠰᠠᠨ ᠥᠬᠡᠶ︔ ᠠᠷᠠᠳ | ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠨᠡᠯᠢᠶᠡᠳ ᠤᠯᠠᠨ ᠰᠠᠨᠠᠯ ᠳᠤᠷᠠᠳᠤᠭᠰᠠᠨ︔ | ᠲᠤᠭᠤᠷᠢᠭ ᠤᠨ ᠵᠠᠰᠠᠭ ᠤᠨ ᠣᠷᠳᠣᠨ ᠴᠢᠬᠤᠯᠠᠲᠠᠶ ᠭᠡᠵᠦ ᠦᠵᠡᠭᠰᠡᠨ᠃ ᠰᠢᠢᠳᠪᠦᠷᠢᠲᠦ ᠪᠣᠳᠣᠯᠭ᠎ᠠ | ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠭᠰᠡᠨ ᠦᠷ᠎ᠡ ᠳ᠋ᠦᠩ ᠢ ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠲᠣᠬᠢᠷᠠᠭᠤᠯᠤᠯᠲᠠ ᠬᠢᠬᠦ ᠶᠢᠨ ᠴᠢᠬᠤᠯᠠ ᠦᠨᠳᠦᠰᠦᠯᠡᠯ ᠪᠣᠯᠭᠠᠬᠤ | ᠬᠡᠷᠡᠭᠲᠡᠶ᠃ | ᠠᠰᠠᠭᠤᠯᠲᠠ᠄ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ | ᠲᠣᠬᠢᠷᠠᠭᠤᠯᠤᠯᠲᠠ ᠶᠢᠨ ᠲᠠᠰ ᠳᠠᠷᠠᠭᠠᠯᠠᠯ ᠤᠨ ᠲᠠᠯ᠎ᠠ ᠪᠠᠷ᠂ ︽ᠲᠠᠰ ᠳᠠᠷᠠᠭᠠᠯᠠᠯ ᠤᠨ ᠲᠣᠭᠲᠠᠭᠠᠯ︾ ᠨᠢ ᠬᠡᠷᠬᠢᠨ | ᠵᠢᠷᠤᠮᠵᠢᠭᠤᠯᠤᠭᠰᠠᠨ ᠪᠣᠶ︖ | ᠬᠠᠷᠢᠭᠤᠯᠲᠠ᠄ ︽ᠲᠠᠰ ᠳᠠᠷᠠᠭᠠᠯᠠᠯ ᠤᠨ ᠲᠣᠭᠲᠠᠭᠠᠯ︾ ᠤᠨ ᠱᠠᠭᠠᠷᠳᠠᠯᠭ᠎ᠠ ᠪᠠᠷ᠂ ᠬᠠᠤᠯᠢ ᠶᠣᠰᠣᠭᠠᠷ | ᠭᠠᠷᠭᠠᠭᠰᠠᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ᠂ ᠬᠠᠤᠯᠢ ᠪᠠᠷ | ᠲᠣᠭᠲᠠᠭᠠᠭᠰᠠᠨ ᠲᠠᠰ ᠳᠠᠷᠠᠭᠠᠯᠠᠯ ᠢ ᠳᠤᠷ᠎ᠠ ᠪᠠᠷ ᠢᠶᠠᠨ ᠬᠤᠪᠢᠷᠠᠭᠤᠯᠬᠤ ᠪᠤᠶᠤ ᠬᠡᠷᠡᠭᠵᠢᠭᠦᠯᠬᠦ ᠶᠢ ᠵᠣᠭᠰᠣᠭᠠᠵᠤ ᠪᠣᠯᠬᠤ | ᠥᠬᠡᠶ᠃ ᠴᠢᠬᠤᠯᠠ ᠶᠡᠭᠡ ᠲᠣᠬᠢᠷᠠᠭᠤᠯᠤᠯᠲᠠ ᠬᠢᠬᠦ ᠴᠢᠬᠤᠯᠠᠲᠠᠶ ᠪᠣᠯ᠂ ᠬᠠᠮᠢᠶ᠎ᠠ ᠪᠦᠬᠦᠢ ᠬᠠᠤᠯᠢ ᠪᠠᠷ ᠲᠣᠭᠲᠠᠭᠠᠭᠰᠠᠨ | ᠳᠡᠰ ᠳᠠᠷᠠᠭᠠᠯᠠᠯ ᠢ ᠬᠡᠷᠡᠭᠵᠢᠭᠦᠯᠬᠦ ᠬᠡᠷᠡᠭᠲᠡᠶ᠃ | | | | | ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ |