ᠢᠦᠢ ᠴᠢᠤᠸᠠᠨ ᠲᠣᠭᠤᠷᠢᠭ ᠭᠡᠷᠡᠯ ᠵᠢᠷᠤᠭ ᠤᠨ ᠦᠵᠡᠰᠭᠦᠯᠡᠩ ᠢ ᠵᠣᠬᠢᠶᠠᠨ ᠪᠠᠶᠢᠭᠤᠯᠵᠤ ᠲᠣᠭᠤᠷᠢᠨ ᠦᠵᠡᠪᠡ
ᠨᠡᠶᠢᠲᠡᠯᠡᠭᠰᠡᠨ ᠴᠠᠭ᠄
2024/10/16
     ᠤᠶᠢᠷ᠎ᠠ ᠳᠤ᠂ ᠢᠦᠢ ᠴᠢᠤᠸᠠᠨ ᠲᠣᠭᠤᠷᠢᠭ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ ᠤᠨ ᠨᠠᠮ ᠤᠨ ᠭᠡᠰᠢᠭᠦᠨ ᠺᠠᠳ᠋ᠷ ᠰᠢᠨᠬᠤᠸᠠ ᠬᠤᠷᠢᠶᠠᠨ ᠤ ᠰᠣᠨᠢᠨ ᠮᠡᠳᠡᠭᠡᠨ ᠤ ᠭᠡᠷᠡᠯ ᠵᠢᠷᠤᠭ ᠤᠨ ᠦᠵᠡᠰᠭᠦᠯᠡᠩ ᠤᠨ ᠬᠥᠬᠡᠬᠤᠲᠠ ᠶᠢᠨ ᠦᠵᠡᠭᠦᠯᠦᠯᠭᠡ ᠶᠢᠨ ᠲᠤᠬᠠᠢ ᠶᠢᠨ ᠲᠠᠯᠠᠪᠠᠢ ᠳᠤ ᠣᠷᠣᠵᠤ᠂ ᠨᠢᠭᠡ ᠤᠳᠠᠭᠠᠨ ᠤ ᠥᠪᠡᠷᠮᠢᠴᠡ ᠬᠠᠷᠠᠭ᠎ᠠ ᠪᠠ ᠦᠵᠡᠯ ᠰᠠᠨᠠᠭᠠᠨ ᠤ ᠰᠣᠶᠣᠯ ᠤᠨ ᠵᠢᠭᠤᠯᠴᠢᠯᠠᠯ ᠢ ᠡᠬᠢᠯᠡᠭᠦᠯᠵᠡᠢ᠃
     ᠦᠵᠡᠭᠦᠯᠦᠯᠭᠡ ᠶᠢᠨ ᠲᠢᠩᠬᠢᠮ ᠳᠤ ᠣᠷᠣᠬᠤ ᠳᠤ᠂ ᠭᠦᠨ ᠭᠦᠨᠵᠡᠭᠡᠢ ᠲᠡᠦᠬᠡᠲᠦ ᠠᠴᠢ ᠬᠤᠯᠪᠣᠭᠳᠠᠯ ᠪᠠ ᠴᠠᠭ ᠦᠶ᠎ᠡ ᠶᠢᠨ ᠣᠨᠴᠠᠯᠢᠭ ᠲᠠᠢ ᠰᠣᠨᠢᠨ ᠮᠡᠳᠡᠭᠡᠨ ᠤ ᠭᠡᠷᠡᠯ ᠵᠢᠷᠤᠭ ᠤᠨ ᠪᠦᠲᠦᠭᠡᠯ ᠤᠳ ᠬᠠᠷᠠᠭᠠᠨ ᠳᠤ ᠲᠣᠳᠣᠷᠠᠪᠠ᠃ ᠡᠳᠡᠭᠡᠷ ᠪᠦᠲᠦᠭᠡᠯ ᠤᠳ ᠨᠢ ᠶᠠᠭ ᠲᠡᠦᠬᠡ ᠶᠢᠨ ᠲᠠᠰᠤᠯᠪᠤᠷᠢ ᠲᠠᠢ ᠠᠳᠠᠯᠢ ᠪᠠᠷ ᠬᠥᠬᠡᠬᠤᠲᠠ ᠶᠢᠨ ᠠᠳᠠᠯᠢ ᠪᠤᠰᠤ ᠬᠥᠭᠵᠢᠯᠲᠡ ᠶᠢᠨ ᠱᠠᠲᠤᠨ ᠳᠠᠬᠢ ᠳᠦᠷᠰᠦ ᠪᠠᠶᠢᠳᠠᠯ ᠢ ᠠᠮᠢᠳᠤᠯᠢᠭ ᠢᠶᠠᠷ ᠳᠡᠯᠭᠡᠨ ᠦᠵᠡᠭᠦᠯᠵᠡᠢ᠃ ᠡᠷᠲᠡᠨ ᠤ ᠬᠤᠲᠠ ᠶᠢᠨ ᠪᠠᠷᠢᠯᠭ᠎ᠠ  ᠪᠠᠶᠢᠭᠰᠠᠨ ᠠᠴᠠ ᠣᠷᠴᠢᠨ ᠦᠶ᠎ᠡ ᠶᠢᠨ ᠦᠵᠡᠮᠵᠢ ᠬᠦᠷᠲᠡᠯ᠎ᠡ᠂ ᠤᠯᠠᠮᠵᠢᠯᠠᠯᠲᠤ ᠵᠠᠩ ᠦᠢᠯᠡ ᠶᠢᠨ ᠠᠵᠢᠯᠯᠠᠭ᠎ᠠ ᠠᠴᠠ ᠰᠢᠨ᠎ᠡ ᠪᠠᠷ ᠬᠥᠭᠵᠢᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠨ ᠦᠵᠡᠭᠦᠯᠬᠦ ᠪᠣᠯᠲᠠᠯ᠎ᠠ᠂ ᠭᠡᠷᠡᠯ ᠵᠢᠷᠤᠭ ᠨᠢᠭᠡᠪᠦᠷᠢ ᠨᠢ ᠴᠥᠮ ᠡᠯᠪᠡᠭ ᠪᠠᠶᠠᠯᠢᠭ ᠮᠡᠳᠡᠭᠡ ᠵᠠᠩᠭᠢ ᠠᠬᠤᠭᠤᠯᠵᠤ᠂ ᠬᠥᠬᠡᠬᠤᠲᠠ ᠶᠢᠨ ᠲᠡᠥᠬᠡ ᠶᠢᠨ ᠬᠦᠭᠵᠢᠯᠲᠡ ᠬᠤᠪᠢᠷᠠᠯᠲᠠ ᠶᠢ ᠭᠡᠷᠡᠴᠢᠯᠡᠵᠦ ᠪᠠᠶᠢᠨ᠎ᠠ᠃
     ᠲᠣᠭᠤᠷᠢᠨ ᠦᠵᠡᠬᠦ ᠶᠠᠪᠤᠴᠠ ᠳᠤ᠂ ᠤᠯᠠᠨ ᠢᠶᠠᠷ ᠢᠶᠠᠨ ᠪᠠᠶᠢᠨ ᠪᠠᠶᠢᠨ ᠵᠣᠭᠰᠣᠵᠤ ᠰᠣᠨᠢᠷᠬᠠᠵᠤ᠂ ᠭᠡᠷᠡᠯ ᠵᠢᠷᠤᠭ ᠤᠨ ᠬᠠᠵᠠᠭᠤ ᠳᠠᠬᠢ ᠦᠰᠦᠭ ᠪᠢᠴᠢᠭ ᠤᠨ ᠲᠣᠳᠣᠷᠬᠠᠶᠢᠯᠠᠯᠲᠠ ᠶᠢ ᠨᠠᠷᠢᠨ ᠬᠢᠨᠠᠮᠠᠭᠠᠢ ᠤᠩᠰᠢᠵᠤ᠂ ᠭᠡᠷᠡᠯ ᠵᠢᠷᠤᠭ ᠤᠨ ᠠᠷᠤ ᠳᠠᠬᠢ ᠦᠯᠢᠭᠡᠷ ᠢ ᠭᠦᠨᠵᠡᠭᠡᠢ ᠣᠶᠢᠯᠠᠭᠠᠪᠠ᠃ ᠢᠦᠶ ᠴᠢᠤᠸᠠᠨ ᠲᠣᠭᠤᠷᠢᠭ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ ᠤᠨ ᠠᠵᠢᠯᠲᠠᠨ ᠶᠠᠩ ᠽᠧ ᠢᠦᠶ᠄ ︽ᠡᠶᠢᠮᠦ ᠭᠡᠷᠡᠯ ᠵᠢᠷᠤᠭ ᠤᠨ ᠦᠵᠡᠰᠬᠦᠯᠡᠩ ᠪᠣᠯ ᠮᠠᠰᠢ ᠠᠴᠢ ᠬᠤᠯᠪᠣᠭᠳᠠᠯ ᠲᠠᠢ ᠶᠤᠮ᠃ ᠲᠡᠷᠡ ᠨᠢ ᠨᠢᠭᠡ ᠵᠦᠢᠯ ᠤᠨ ᠤᠷᠠᠯᠢᠭ ᠤᠨ ᠦᠵᠡᠭᠦᠯᠦᠯᠭᠡ ᠪᠣᠯᠬᠤ ᠪᠠᠷ ᠪᠠᠷᠠᠬᠤ ᠦᠭᠡᠢ᠂ ᠨᠡᠩ ᠴᠤ᠋ ᠬᠤᠲᠠ ᠶᠢᠨ ᠬᠥᠭᠵᠢᠯᠲᠡ ᠶᠢᠨ ᠠᠮᠢᠳᠤᠯᠢᠭ ᠵᠢᠭᠠᠬᠤ ᠮᠠᠲ᠋ᠧᠷᠢᠶᠠᠯ ᠪᠣᠯᠤᠨ᠎ᠠ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢᠳ ᠤᠨ ᠥᠪᠡᠷᠮᠢᠴᠡ ᠬᠠᠷᠠᠭᠠᠰᠤ ᠪᠠᠷ ᠳᠠᠮᠵᠢᠨ᠂ ᠪᠢᠳᠡ ᠬᠥᠬᠡᠬᠤᠲᠠ ᠶᠢᠨ ᠲᠡᠦᠬᠡ ᠶᠢᠨ ᠨᠥᠭᠡᠴᠡ᠂ ᠰᠣᠶᠣᠯ ᠤᠨ ᠤᠯᠠᠮᠵᠢᠯᠠᠯ ᠵᠢᠴᠢ ᠣᠳᠣᠬᠢᠴᠢᠯᠠᠯᠲᠠ ᠶᠢᠨ ᠠᠬᠢᠴᠠ ᠳᠠᠬᠢ ᠥᠷᠨᠢᠭᠦᠨ ᠠᠮᠢᠵᠢᠷᠠᠯ ᠤᠨ ᠬᠦᠴᠦᠨ ᠢ ᠨᠡᠩ ᠰᠢᠭᠤᠳ ᠣᠶᠢᠯᠠᠭᠠᠵᠤ ᠴᠢᠳᠠᠨ᠎ᠠ᠃ ᠡᠳᠡᠭᠡᠷ ᠭᠡᠷᠡᠯ ᠵᠢᠷᠤᠭ ᠨᠢ ᠪᠢᠳᠡᠨ ᠤ ᠬᠤᠶᠢᠰᠢᠳᠠ ᠶᠢᠨ ᠤᠬᠠᠭᠤᠯᠭ᠎ᠠ ᠶᠢᠨ ᠠᠵᠢᠯ ᠤᠨ ᠳᠤᠮᠳᠠ ᠬᠤᠲᠠ ᠶᠢᠨ ᠰᠣᠶᠣᠯ ᠤᠨ ᠠᠭᠤᠯᠤᠭᠳᠠᠬᠤᠨ ᠢ ᠨᠠᠩ ᠰᠠᠶᠢᠲᠤᠷ ᠠᠭᠤᠳᠠᠯᠵᠤ᠂ ᠬᠥᠬᠡᠬᠤᠲᠠ ᠶᠢᠨ ᠥᠯᠢᠭᠡᠷ ᠢ ᠰᠠᠶᠢᠲᠤᠷ ᠶᠠᠷᠢᠬᠤ ᠳᠤ ᠠᠰᠢᠭᠲᠠᠶ ᠶᠤᠮ︾ ᠭᠡᠪᠡ᠃
     ᠨᠥᠭᠦᠭᠡ ᠨᠢᠭᠡ ᠠᠵᠢᠯᠲᠠᠨ ᠵᠤᠤ ᠸᠧᠨ ᠶᠤᠸᠠᠨ᠄ ︽ᠡᠳᠡᠭᠡᠷ ᠭᠡᠷᠡᠯ ᠵᠢᠷᠤᠭ ᠢ ᠦᠵᠡᠭᠡᠳ ᠪᠢᠳᠡ ᠥᠪᠡᠷ ᠤᠨ ᠮᠥᠷᠥᠨ ᠳᠡᠭᠡᠷᠡᠬᠢ ᠬᠠᠷᠢᠭᠤᠴᠠᠯᠭ᠎ᠠ ᠬᠦᠨᠳᠦ ᠶᠡᠭᠡ ᠭᠡᠳᠡᠭ ᠢ ᠭᠦᠨ ᠣᠶᠢᠯᠠᠭᠠᠪᠠ᠃ ᠪᠢᠳᠡ ᠠᠳᠡ ᠠᠴᠠ ᠣᠯᠤᠭᠰᠠᠨ ᠤᠯᠤᠯᠲᠠ ᠶᠢ ᠡᠳᠦᠷ ᠲᠤᠲᠤᠮ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠳᠤ ᠬᠡᠷᠡᠭᠯᠡᠵᠦ᠂ ᠨᠠᠩ ᠣᠯᠠᠨ ᠶᠠᠩᠵᠤ ᠶᠢᠨ ᠠᠷᠭ᠎ᠠ ᠮᠠᠶ᠋ᠢᠭ ᠢᠶᠠᠷ ᠢᠦᠶ ᠴᠢᠤᠸᠠᠨ ᠲᠣᠭᠤᠷᠢᠭ ᠤᠨ ᠥᠪᠡᠷᠮᠢᠴᠡ ᠷᠢᠳᠢ ᠰᠢᠳᠢ ᠶᠢ ᠢᠯᠡᠷᠡᠭᠦᠯᠵᠦ᠂ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠨ᠂ ᠣᠯᠠᠨ ᠲᠦᠮᠡᠨ ᠤ ᠰᠣᠶᠣᠯ ᠤᠨ ᠮᠡᠳᠡᠷᠡᠮᠵᠢ ᠶᠢᠨ ᠰᠡᠳᠬᠢᠯᠭᠡ ᠪᠠ ᠬᠠᠷᠢᠶᠠᠯᠠᠭᠳᠠᠬᠤ ᠰᠡᠳᠬᠢᠯᠭᠡ ᠶᠢ ᠳᠡᠭᠡᠭᠰᠢᠯᠡᠭᠦᠯᠬᠦ ᠬᠡᠷᠡᠭᠲᠡᠶ︾ ᠭᠡᠵᠡᠶ᠃
     ᠲᠣᠰ ᠤᠳᠠᠭᠠᠨ ᠤ ᠲᠣᠭᠤᠷᠢᠨ ᠦᠵᠡᠬᠦ ᠠᠵᠢᠯᠯᠠᠭ᠎ᠠ ᠳᠤ᠂ ᠢᠦᠢ ᠴᠢᠤᠸᠠᠨ ᠲᠣᠭᠤᠷᠢᠭ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ ᠤᠨ ᠠᠵᠢᠯᠲᠠᠳ ᠲᠤ ᠰᠣᠨᠢᠨ ᠮᠡᠳᠡᠭᠡᠨ ᠤ ᠭᠡᠷᠡᠯ ᠵᠢᠷᠤᠭ ᠤᠨ ᠬᠠᠷᠠᠭᠠᠰᠤ ᠠᠴᠠ ᠬᠥᠬᠡᠬᠤᠲᠠ ᠶᠢ ᠳᠠᠬᠢᠨ ᠲᠠᠨᠢᠭᠤᠯᠪᠠ᠃ ᠲᠡᠳᠡ ᠲᠣᠰ ᠤᠳᠠᠭᠠᠨ ᠤ ᠲᠣᠭᠤᠷᠢᠨ ᠦᠵᠡᠬᠦ ᠪᠠᠷ ᠠᠵᠠ ᠲᠣᠬᠢᠶᠠᠯ ᠪᠣᠯᠭᠠᠵᠤ᠂ ᠢᠦᠶ ᠴᠢᠤᠸᠠᠨ ᠲᠣᠭᠤᠷᠢᠭ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠵᠤ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ ᠪᠠᠷ ᠣᠷᠣᠨ ᠪᠦᠰᠡ ᠶᠢᠨ ᠰᠣᠶᠣᠯ ᠤᠨ ᠦᠨ᠎ᠡ ᠥᠷᠲᠡᠭ ᠢ ᠠᠭᠤᠳᠠᠯᠬᠤ᠂ ᠴᠠᠭ ᠦᠶ᠎ᠡ ᠶᠢᠨ ᠵᠣᠷᠢᠭ ᠰᠠᠨᠠᠭ᠎ᠠ ᠶᠢ ᠪᠠᠳᠠᠷᠠᠭᠤᠯᠬᠤ ᠠᠵᠢᠯ ᠳᠤ ᠣᠷᠣᠯᠴᠠᠨ᠎ᠠ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号