ᠢᠦᠢ ᠴᠢᠤᠸᠠᠨ ᠲᠣᠭᠤᠷᠢᠭ ᠤᠨ ᠡᠷᠳᠡᠨᠢ ᠰᠢᠰᠢ ᠶᠢᠨ ︽ᠴᠢᠬᠢ ᠦᠵᠡᠵᠦ ᠦᠷ᠎ᠡ ᠰᠤᠩᠭᠤᠬᠤ︾ | ᠲᠠᠪᠴᠠᠩ ᠤᠨ ᠠᠵᠢᠯ ᠤᠨ ᠦᠷ᠎ᠡ ᠪᠦᠲᠦᠮᠵᠢ ᠶᠢ ᠭᠦᠢᠴᠡᠳ ᠳᠡᠯᠭᠡᠨ ᠦᠵᠡᠭᠦᠯᠵᠦ᠂ ᠰᠣᠯᠢᠯᠴᠠᠬᠤ ᠲᠠᠪᠴᠠᠩ ᠤᠨ | ᠪᠠᠶᠢᠭᠤᠯᠤᠯᠲᠠ ᠶᠢᠨ ᠲᠤᠷᠰᠢᠯᠭ᠎ᠠ ᠪᠠᠨ ᠳ᠋ᠦᠩᠨᠡᠬᠦ ᠶᠢᠨ ᠲᠦᠯᠦᠭᠡ᠂ ᠢᠦᠢ ᠴᠢᠤᠸᠠᠨ ᠲᠣᠭᠤᠷᠢᠭ ᠤᠶᠢᠷ᠎ᠠ ᠶᠢᠨ ᠡᠳᠦᠷ | 2024 ᠣᠨ ᠤ ᠡᠷᠳᠡᠨᠢ ᠰᠢᠰᠢ ᠶᠢᠨ ︽ᠴᠢᠬᠢ ᠦᠵᠡᠵᠦ ᠦᠷ᠎ᠡ ᠰᠤᠩᠭᠤᠬᠤ︾ ᠲᠠᠪᠴᠠᠩ ᠤᠨ ᠲᠤᠬᠠᠢ ᠶᠢᠨ | ᠲᠠᠯᠠᠪᠠᠢ ᠶᠢᠨ ᠦᠵᠡᠭᠦᠯᠦᠯᠭᠡ ᠶᠢᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ | | | | | ᠢᠦᠢ ᠴᠢᠤᠸᠠᠨ ᠲᠣᠭᠤᠷᠢᠭ ᠤᠨ ᠥᠨᠳᠥᠷ ᠳᠡᠰ ᠳᠠᠪᠬᠤᠷᠭ᠎ᠠ ᠶᠢᠨ ᠲᠠᠷᠢᠶᠠᠯᠠᠩ ᠮᠠᠯ ᠠᠵᠤ ᠠᠬᠤᠶ ᠶᠢᠨ | ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠬᠠᠮᠲᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ | ᠢᠦᠢ ᠴᠢᠤᠸᠠᠨ ᠲᠣᠭᠤᠷᠢᠭ ᠤᠨ ᠵᠠᠰᠠᠭ ᠤᠨ ᠣᠷᠳᠣᠨ ᠬᠢᠭᠡᠳ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ︽ᠢᠦᠢ ᠴᠢᠤᠸᠠᠨ | ᠲᠣᠭᠤᠷᠢᠭ ᠤᠨ ᠲᠤᠰᠬᠠᠶ ᠮᠡᠷᠭᠡᠵᠢᠯᠲᠡᠨ ᠤ ᠠᠵᠢᠯ ᠤᠨ ᠥᠷᠲᠡᠭᠡ︾ ᠶᠢ ᠬᠠᠮᠲᠤᠪᠠᠷ ᠪᠠᠶᠢᠭᠤᠯᠪᠠ᠃ | | | | | ︽ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠯᠠᠩ ᠢ ᠬᠦᠭᠵᠢᠭᠦᠯᠬᠦ ᠳᠤ ᠦᠷ᠎ᠡ ᠶᠢᠨ ᠦᠢᠯᠡᠰ ᠢ | ᠤᠷᠢᠳ ᠢᠶᠠᠷ ᠦᠢᠯᠡᠳᠦᠯᠭᠡᠵᠢᠭᠦᠯᠦᠨ᠎ᠡ︾᠃ ᠡᠨᠡ ᠵᠢᠯ᠂ ᠢᠦᠢ ᠴᠢᠤᠸᠠᠨ ᠲᠣᠭᠤᠷᠢᠭ ᠣᠳᠣᠬᠠᠨ ᠤ ᠡᠷᠳᠡᠨᠢ | ᠰᠢᠰᠢ ᠶᠢᠨ ᠡᠭᠦᠯᠳᠡᠷ ᠣᠯᠠᠨ᠂ ᠲᠠᠷᠢᠶᠠᠴᠢᠳ ᠤᠨ ᠦᠷ᠎ᠡ ᠰᠣᠩᠭᠤᠬᠤ ᠳᠤ ᠬᠦᠴᠢᠷᠲᠡᠢ ᠵᠡᠷᠭᠡ ᠠᠰᠠᠭᠤᠳᠠᠯ ᠳᠤ | ᠴᠢᠭᠯᠡᠭᠦᠯᠦᠨ᠂ ᠲᠤᠰᠬᠠᠢ ᠮᠡᠷᠭᠡᠵᠢᠯᠲᠡᠨ ᠤ ᠠᠵᠢᠯ ᠤᠨ ᠥᠷᠲᠡᠭᠡ ᠳᠤ ᠲᠦᠰᠢᠭᠯᠡᠨ᠂ ᠪᠠᠭ᠎ᠠ ᠲᠦᠷᠭᠡᠨ ᠭᠤᠣᠯ | ᠪᠠᠯᠭᠠᠰᠤᠨ ᠤ ᠯᠢᠶᠠᠨ ᠵᠢᠶᠠ ᠶᠢᠩ ᠲᠤᠰᠬᠤᠨ ᠳᠤ ᠡᠷᠳᠡᠨᠢ ᠰᠢᠰᠢ ᠶᠢᠨ ᠴᠢᠬᠢ ᠦᠵᠡᠵᠦ ᠦᠷ᠎ᠡ ᠰᠤᠩᠭᠤᠬᠤ ᠵᠢᠴᠢ | ᠨᠢᠭᠲᠠ ᠲᠠᠷᠢᠵᠤ ᠪᠤᠶᠢᠵᠢᠭᠤᠯᠬᠤ ᠮᠡᠷᠭᠡᠵᠢᠯ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ | ᠬᠡᠷᠡᠭᠵᠢᠭᠦᠯᠪᠡ᠃ ᠲᠥᠷᠥᠯ ᠵᠦᠢᠯ ᠨᠢ ᠣᠶᠢᠷ᠎ᠠ ᠶᠢᠨ ᠬᠡᠳᠦᠨ ᠵᠢᠯ ᠳᠤ ᠳᠡᠯᠭᠡᠷᠡᠭᠦᠯᠦᠯᠲᠡ ᠪᠠᠷ ᠨᠡᠯᠢᠶᠡᠳ ᠰᠠᠶᠢᠨ | ᠡᠷᠳᠡᠨᠢ ᠰᠢᠰᠢ ᠶᠢᠨ ᠡᠭᠦᠯᠳᠡᠷ ᠢ 40 ᠴᠤᠭᠯᠠᠭᠤᠯᠵᠤ᠂ ᠨᠡᠶᠢᠲᠡ 224 ᠮᠦ ᠳᠠᠷᠢᠬᠤ ᠶᠢᠨ ᠬᠠᠮᠲᠤ ᠪᠦᠷᠬᠦᠪᠴᠢ ᠶᠢᠨ | ᠳᠣᠤᠷ᠎ᠠ ᠳᠤᠰᠤᠯᠭᠠᠨ ᠤᠰᠤᠯᠠᠬᠤ᠂ ᠨᠠᠶᠢᠷᠠᠯᠭ᠎ᠠ ᠶᠢ ᠳᠠᠪᠬᠤᠷᠭ᠎ᠠ ᠬᠤᠪᠢᠶᠠᠨ ᠪᠣᠷᠳᠣᠭᠤᠷ ᠣᠷᠣᠭᠤᠯᠬᠤ ᠪᠠ | ᠴᠢᠬᠢ ᠶᠢᠨ ᠳᠠᠷᠠᠭ᠎ᠠ ᠭᠦᠨ ᠰᠤᠯᠠᠷᠠᠭᠤᠯᠬᠤ ᠵᠡᠷᠭᠡ ᠮᠡᠷᠭᠡᠵᠢᠯ ᠢ ᠬᠡᠷᠡᠭᠯᠡᠵᠦ᠂ ᠡᠷᠲᠡ ᠪᠣᠯᠪᠠᠰᠤᠷᠠᠭᠰᠠᠨ᠂ ᠥᠨᠳᠥᠷ | ᠤᠨᠠᠯᠲᠠ ᠲᠠᠢ᠂ ᠨᠢᠭᠲᠠ ᠪᠥᠭᠡᠳ ᠬᠦᠢᠲᠡᠨ ᠳᠤ ᠲᠡᠰᠪᠦᠷᠢᠲᠡᠶ ᠰᠢᠨ᠎ᠡ ᠡᠭᠦᠯᠳᠡᠷ ᠢ ᠰᠣᠩᠭᠤᠨ ᠪᠤᠶᠢᠵᠢᠭᠤᠯᠪᠠ᠃ | | | | | ᠲᠤᠬᠠᠢ ᠶᠢᠨ ᠲᠠᠯᠠᠪᠠᠢ ᠶᠢᠨ ᠦᠵᠡᠭᠦᠯᠦᠯᠭᠡ ᠶᠢᠨ ᠬᠤᠷᠠᠯ ᠲᠤᠷᠰᠢᠯᠲᠠ ᠶᠢᠨ ᠵᠢᠱᠢᠶ᠎ᠡ ᠦᠵᠡᠭᠦᠯᠬᠦ ᠲᠦᠷᠦᠯ | ᠵᠦᠢᠯ ᠤᠨ ᠲᠣᠭᠤᠷᠢᠭ ᠲᠤ ᠶᠠᠪᠤᠭᠳᠠᠪᠠ᠃ ᠲᠣᠭᠤᠷᠢᠨ ᠦᠵᠡᠬᠦ ᠳᠤᠮᠳᠠ᠂ ᠮᠡᠷᠭᠡᠵᠢᠯ ᠤᠨ ᠠᠵᠢᠯᠲᠠᠳ ᠣᠯᠠᠨ ᠢ | ᠳᠠᠭᠠᠭᠤᠯᠤᠨ ᠡᠷᠳᠡᠨᠢ ᠰᠢᠰᠢ ᠶᠢᠨ ᠡᠭᠦᠯᠳᠡᠷ ᠨᠢᠭᠡᠪᠦᠷᠢ ᠶᠢᠨ ᠦᠵᠡᠭᠦᠯᠦᠯᠭᠡ ᠶᠢᠨ ᠲᠣᠭᠤᠷᠢᠭ ᠢ ᠲᠠᠰ ᠳᠠᠷᠠᠭᠠᠯᠠᠨ | ᠲᠣᠭᠤᠷᠢᠨ ᠦᠵᠡᠵᠦ᠂ ᠡᠭᠦᠯᠳᠡᠷ ᠢ ᠦᠵᠡᠭᠦᠯᠬᠦ ᠠᠭᠤᠷ ᠠᠮᠢᠰᠬᠤᠯ ᠤᠨ ᠨᠥᠬᠦᠴᠡᠯ᠂ ᠮᠥ ᠪᠦᠷᠢ ᠶᠢᠨ ᠲᠠᠷᠢᠮᠠᠯ ᠤᠨ | ᠨᠢᠭᠲᠠᠴᠠ᠂ ᠤᠰᠤ ᠪᠣᠷᠲᠣᠭᠤᠷ ᠤᠨ ᠬᠠᠮᠢᠶᠠᠷᠤᠯᠲᠠ᠂ ᠤᠨᠠᠯᠲᠠ ᠶᠢᠨ ᠶᠠᠰᠤ ᠴᠢᠨᠠᠷ ᠵᠡᠷᠭᠡ ᠲᠠᠯ᠎ᠠ ᠪᠠᠷ ᠨᠠᠷᠢᠨ | ᠲᠠᠨᠢᠯᠴᠠᠭᠤᠯᠪᠠ᠃ ᠲᠣᠭᠤᠷᠢᠨ ᠦᠵᠡᠬᠦ ᠠᠵᠢᠯᠲᠠᠨ ᠡᠷᠳᠡᠨᠢ ᠰᠢᠰᠢ ᠶᠢᠨ ᠡᠭᠦᠯᠳᠡᠷ ᠤᠨ ᠤᠷᠭᠤᠯᠲᠠ ᠶᠢᠨ ᠪᠠᠶᠢᠳᠠᠯ ᠢ | ᠨᠠᠷᠢᠨ ᠪᠠᠶᠢᠴᠠᠭᠠᠨ ᠦᠵᠡᠭᠰᠡᠨ ᠪᠥᠭᠡᠳ ᠰᠣᠯᠢᠯᠴᠠᠨ ᠶᠠᠷᠢᠯᠴᠠᠵᠤ᠂ ᠡᠭᠦᠯᠳᠡᠷ ᠨᠢᠭᠡᠪᠦᠷᠢ ᠶᠢᠨ ᠤᠨᠠᠯᠲᠠ ᠶᠢᠨ ᠢᠯᠡᠷᠡᠯ᠂ | ᠥᠰᠥᠯᠲᠡ ᠶᠢᠨ ᠦᠶᠡᠯᠡᠯ ᠤᠨ ᠬᠤᠭᠤᠴᠠᠭ᠎ᠠ᠂ ᠦᠷ᠎ᠡ ᠶᠢᠨ ᠶᠠᠰᠤ ᠴᠢᠨᠠᠷ᠂ ᠡᠪᠡᠳᠴᠢᠨ ᠬᠤᠷᠣᠬᠠᠶ ᠶᠢ ᠡᠰᠡᠷᠭᠦᠴᠡᠬᠦ | ᠴᠢᠳᠠᠪᠤᠷᠢ ᠵᠡᠷᠭᠡ ᠣᠨᠴᠠᠯᠢᠭ ᠰᠢᠨᠵᠢ ᠲᠡᠮᠳᠡᠭ ᠢ ᠨᠠᠩ ᠪᠥᠬᠦ ᠲᠠᠯ᠎ᠠ ᠶᠢᠨ᠂ ᠨᠠᠩ ᠰᠢᠭᠤᠳ ᠣᠶᠢᠯᠠᠭᠠᠵᠤ᠂ ︽ᠴᠢᠬᠢ | ᠦᠵᠡᠵᠦ ᠦᠷ᠎ᠡ ᠰᠤᠩᠭᠤᠬᠤ︾ ᠨᠢ ᠡᠷᠳᠡᠨᠢ ᠰᠢᠰᠢ ᠶᠢᠨ ᠦᠷ᠎ᠡ ᠶᠢ ᠨᠠᠩ ᠣᠨᠣᠪᠴᠢᠲᠠᠶ ᠪᠣᠯᠭᠠᠪᠠ᠃ | | | | | ᠲᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨᠠᠯᠲᠠ ᠶᠢ ᠬᠡᠮᠵᠢᠨ ᠰᠢᠯᠭᠠᠨ ᠠᠪᠬᠤ᠂ | ᠡᠰᠡᠷᠭᠦᠴᠡᠬᠦ ᠴᠢᠨᠠᠷ ᠢ ᠬᠢᠨᠠᠨ ᠲᠣᠭᠲᠠᠭᠠᠬᠤ ᠵᠡᠷᠭᠡ ᠲᠤᠭ᠎ᠠ ᠪᠠᠷᠢᠮᠲᠠ ᠲᠠᠢ ᠤᠶᠠᠯᠳᠤᠭᠤᠯᠤᠨ᠂ ᠢᠦᠶ ᠴᠢᠤᠸᠠᠨ | ᠲᠣᠭᠤᠷᠢᠭ ᠤᠨ ᠳᠠᠷᠢᠬᠤ ᠳᠤ ᠳᠣᠭᠢᠷᠠᠬᠤ ᠥᠨᠳᠥᠷ ᠤᠨᠠᠯᠲᠠ ᠲᠠᠢ ᠴᠢᠨᠠᠷ ᠰᠠᠶᠢᠲᠠᠶ ᠡᠷᠳᠡᠨᠢ ᠰᠢᠰᠢ ᠶᠢᠨ ᠰᠢᠨ᠎ᠡ | ᠡᠭᠦᠯᠳᠡᠷ ᠢ ᠰᠤᠩᠭᠤᠬᠤ ᠶᠢᠨ ᠬᠠᠮᠲᠤ ᠳᠡᠯᠭᠡᠷᠡᠭᠦᠯᠵᠦ᠂ ᠲᠠᠷᠢᠶᠠᠴᠢᠳ ᠤᠨ ᠣᠷᠣᠯᠭ᠎ᠠ ᠶᠢ ᠲᠠᠰᠤᠷᠠᠯᠲᠠ ᠥᠬᠡᠶ | ᠨᠡᠮᠡᠭᠳᠡᠭᠦᠯᠦᠨ᠂ ︽ᠴᠢᠬᠢ ᠦᠵᠡᠵᠦ ᠦᠷ᠎ᠡ ᠰᠤᠩᠭᠤᠬᠤ︾ ᠲᠠᠪᠴᠠᠩ ᠢ ᠠᠯᠬᠤᠮ ᠠᠯᠬᠤᠮ ᠢᠶᠠᠷ ᠰᠠᠶᠢᠨ ᠡᠭᠦᠯᠳᠡᠷ ᠢ | ᠰᠣᠩᠭᠤᠨ ᠬᠡᠷᠡᠭᠯᠡᠬᠦ ᠦᠵᠡᠭᠴᠢᠳ ᠤᠨ ᠲᠠᠪᠴᠠᠩ᠂ ᠡᠭᠦᠯᠳᠡᠷ ᠤᠨ ᠮᠦᠷᠦᠶᠢᠴᠡᠭᠡᠨ ᠤ ᠲᠠᠪᠴᠠᠩ᠂ ᠰᠢᠨ᠎ᠡ | ᠡᠭᠦᠯᠳᠡᠷ ᠢ ᠲᠠᠨᠢᠯᠴᠠᠭᠤᠯᠬᠤ ᠦᠵᠡᠭᠦᠯᠦᠯᠭᠡ ᠶᠢᠨ ᠲᠠᠪᠴᠠᠩ ᠪᠣᠯᠭᠠᠨ᠎ᠠ᠃ | | | | | ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ |