ᠢᠦᠢ ᠴᠢᠤᠸᠠᠨ ᠲᠣᠭᠤᠷᠢᠭ ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠢᠮᠳᠠ ᠦᠨ᠎ᠡ ᠪᠠᠷ ᠬᠤᠳᠠᠯᠳᠤᠬᠤ ᠪᠠᠷ ᠪᠠᠶᠢᠭ᠎ᠠ ᠲᠠᠨᠢᠯᠴᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/21
     10 ᠳ᠋ᠤᠭᠠᠷ ᠰᠠᠷ᠎ᠠ ᠶᠢᠨ 18 ᠤ ᠡᠳᠦᠷ᠂ ᠢᠦᠢ ᠴᠢᠤᠸᠠᠨ ᠲᠣᠭᠤᠷᠢᠭ ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠨᠡᠶᠢᠭᠡᠮᠯᠢᠭ ᠲᠠᠢ ᠬᠠᠮᠲᠤᠷᠠᠨ ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠢᠮᠳᠠ ᠦᠨ᠎ᠡ ᠪᠠᠷ ᠬᠤᠳᠠᠯᠳᠤᠬᠤ ᠪᠠᠷ ᠪᠠᠶᠢᠭ᠎ᠠ ᠲᠠᠨᠢᠯᠴᠠᠭᠤᠯᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠠᠵᠤ ᠠᠬᠤᠶᠢᠯᠠᠯ ᠢ ᠤᠷᠢᠵᠤ ᠵᠠᠰᠠᠭ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠬᠠᠮᠲᠤᠪᠠᠷ ᠵᠦᠪᠳᠡᠯᠴᠡᠵᠦ᠂ ᠢᠦᠢ ᠴᠢᠤᠸᠠᠨ ᠤ ᠬᠥᠭᠵᠢᠯᠲᠡ ᠶᠢ ᠬᠠᠮᠲᠤᠪᠠᠷ ᠰᠦᠪᠡᠭᠴᠢᠯᠡᠵᠦ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠨᠡᠩ ᠰᠢᠯᠢᠳᠡᠭᠵᠢᠭᠦᠯᠬᠦ ᠶᠢ ᠬᠠᠮᠲᠤᠪᠠᠷ ᠠᠬᠢᠭᠤᠯᠤᠨ᠎ᠠ᠃ ᠬᠤᠲᠠ ᠶᠢᠨ ᠬᠤᠳᠠᠯᠳᠤᠨ ᠠᠪᠴᠤ ᠨᠥᠭᠡᠴᠡᠯᠡᠬᠦ ᠲᠥᠪ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ 28 ᠨᠠᠷᠠᠲᠤ ᠬᠡᠷ ᠪᠠᠶᠢᠰᠢᠩ ᠭᠠᠵᠠᠷ ᠬᠥᠷᠥᠩᠭᠡ ᠵᠢᠴᠢ ᠬᠠᠮᠢᠶ᠎ᠠ ᠪᠥᠬᠦᠶ ᠠᠵᠤ ᠠᠬᠤᠶᠢᠯᠠᠯ ᠤᠷᠢᠯᠭ᠎ᠠ ᠪᠠᠷ ᠬᠤᠷᠠᠯ ᠳᠤ ᠣᠷᠣᠯᠴᠠᠪᠠ᠃
     ᠪᠥᠬᠦ ᠲᠤᠭᠤᠷᠢᠭ ᠲᠤ ᠫᠠᠶᠢᠰᠠ ᠡᠯᠭᠦᠬᠦ ᠶᠢ ᠳᠥᠯᠭᠢᠨ ᠠᠬᠢᠭᠤᠯᠬᠤ ᠪᠠᠷ ᠪᠠᠶᠢᠭ᠎ᠠ ᠭᠠᠵᠠᠷ 16 ᠪᠦᠯᠦᠭ ᠪᠠᠶᠢᠵᠤ᠂ ᠲᠥᠯᠥᠪᠵᠢᠭᠦᠯᠭᠡ ᠶᠢᠨ ᠭᠠᠵᠠᠷ ᠰᠢᠷᠣᠶ ᠶᠢᠨ ᠶᠡᠷᠦᠩᠬᠡᠶ ᠲᠠᠯᠠᠪᠠᠶ 1655.8 ᠮᠥ ᠳᠤ ᠬᠦᠷᠴᠦ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠠᠯᠠᠪᠠᠶ 1074.8 ᠮᠥ ᠳᠤ ᠬᠦᠷᠪᠡ︔ ᠲᠤᠰᠠᠭᠠᠷ ᠭᠠᠵᠠᠷ ᠰᠣᠩᠭᠤᠵᠤ ᠪᠤᠴᠠᠵᠤ ᠨᠡᠭᠦᠯᠭᠡᠨ ᠲᠥᠪᠬᠢᠨᠡᠭᠦᠯᠬᠦ ᠭᠡᠷ ᠪᠠᠶᠢᠰᠢᠩ ᠤᠨ ᠲᠥᠷᠥᠯ ᠵᠦᠢᠯ 3 ᠪᠠᠶᠢᠵᠤ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠶᠡᠷᠦᠩᠬᠡᠶ ᠲᠠᠯᠠᠪᠠᠶ 261.4 ᠮᠥ ᠪᠠᠶᠢᠵᠤ᠂ ᠲᠥᠯᠥᠪᠵᠢᠭᠦᠯᠭᠡ ᠶᠢᠨ ᠶᠡᠷᠦᠩᠬᠡᠶ ᠪᠠᠷᠢᠯᠭ᠎ᠠ ᠶᠢᠨ ᠲᠠᠯᠠᠪᠠᠶ ᠪᠠᠷᠤᠭ 54 ᠲᠦᠮᠡᠨ ᠲᠡᠭᠰᠢ ᠳᠥᠷᠪᠡᠯᠵᠢᠨ ᠮᠧᠲᠷ ᠪᠣᠶ᠃      ᠲᠠᠨᠢᠯᠴᠠᠭᠤᠯᠭ᠎ᠠ ᠶᠢᠨ ᠸᠢᠳᠢᠣ᠋ ᠶᠢ ᠦᠵᠡᠬᠦ᠂ ᠲᠤᠬᠠᠶ ᠶᠢᠨ ᠭᠠᠵᠠᠷ ᠲᠤᠨᠢ ᠲᠠᠨᠢᠯᠴᠠᠭᠤᠯᠬᠤ᠂ ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ ᠪᠠᠷ ᠳᠡᠮᠵᠢᠨ᠂ ᠡᠯ᠎ᠡ ᠠᠵᠤ ᠠᠬᠤᠶᠢᠯᠠᠯ ᠤᠨ ᠲᠥᠯᠥᠭᠡᠯᠡᠭᠴᠢ ᠢᠦᠶ ᠴᠢᠤᠸᠠᠨ ᠲᠣᠭᠤᠷᠢᠭ ᠤᠨ ᠭᠠᠵᠠᠷ ᠰᠢᠷᠣᠶ ᠶᠢᠨ ᠵᠠᠬ᠎ᠠ ᠳᠡᠯᠭᠡᠭᠦᠷ ᠤᠨ ᠪᠦᠬᠦᠯᠢ ᠴᠣᠭᠴᠠ ᠶᠢᠨ ᠲᠦᠢᠮᠣ ᠪᠠᠶᠢᠳᠠᠯ᠂ ᠬᠥᠭᠵᠢᠯᠲᠡ ᠶᠢᠨ ᠳᠠᠯᠳᠠ ᠬᠦᠴᠦᠨ ᠵᠢᠴᠢ ᠬᠠᠮᠢᠶ᠎ᠠ ᠪᠥᠬᠦᠶ ᠲᠠᠨᠢᠯᠴᠠᠭᠤᠯᠬᠤ ᠭᠠᠵᠠᠷ ᠤᠨ ᠲᠠᠯ᠎ᠠ ᠪᠠᠷ ᠪᠥᠬᠦ ᠲᠠᠯ᠎ᠠ ᠪᠠᠷ ᠭᠦᠨᠵᠡᠭᠡᠶ ᠣᠶᠢᠯᠠᠭᠠᠭᠰᠠᠨ ᠪᠥᠭᠡᠳ ᠢᠳᠡᠪᠬᠢᠲᠡᠶ ᠬᠠᠮᠲᠤᠷᠠᠯᠴᠠᠬᠤ ᠬᠦᠰᠡᠯ ᠢᠶᠠᠨ ᠢᠯᠡᠷᠡᠭᠦᠯᠵᠦ᠂ ᠬᠡᠰᠡᠭ ᠤᠷᠢᠭᠳᠠᠭᠰᠠᠨ ᠠᠵᠤ ᠠᠬᠤᠶᠢᠯᠠᠯ ᠬᠠᠮᠢᠶ᠎ᠠ ᠪᠥᠬᠦᠶ ᠬᠢᠮᠳᠠ ᠦᠨ᠎ᠡ ᠪᠠᠷ ᠬᠤᠳᠠᠯᠳᠤᠬᠤ ᠲᠥᠷᠥ ᠶᠢᠨ ᠪᠣᠳᠣᠯᠭ᠎ᠠ ᠶᠢᠨ ᠲᠤᠬᠠᠶ ᠠᠰᠠᠭᠤᠨ ᠯᠠᠪᠯᠠᠵᠤ᠂ ᠵᠥᠪᠳᠡᠯᠴᠡᠨ ᠶᠠᠷᠢᠯᠴᠠᠪᠠ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号