ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠥᠷᠭᠡᠨ ᠣᠯᠠᠨ ᠠᠵᠢᠯ ᠠᠴᠠ ᠪᠠᠨ ᠪᠠᠭᠤᠵᠤ ᠠᠮᠠᠷᠠᠭᠰᠠᠨ | ᠺᠠᠳ᠋ᠷᠴᠤᠳ ᠲᠤ ᠢᠦᠶ ᠴᠢᠤᠸᠠᠨ ᠲᠣᠭᠤᠷᠢᠭ ᠤᠨ ᠬᠥᠭᠵᠢᠯᠲᠡ ᠶᠢᠨ ᠰᠢᠨ᠎ᠡ ᠳᠦᠷᠰᠦ ᠪᠠᠶᠢᠳᠠᠯ᠂ ᠰᠢᠨ᠎ᠡ ᠬᠤᠪᠢᠷᠠᠯᠲᠠ᠂ | ᠰᠢᠨ᠎ᠡ ᠪᠠᠶᠢᠳᠠᠯ ᠢ ᠪᠡᠶ᠎ᠡ ᠪᠠᠷ ᠢᠶᠠᠨ ᠮᠡᠳᠡᠷᠡᠭᠦᠯᠵᠦ᠂ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠤᠨ | ᠰᠢᠨ᠎ᠡ ᠦᠵᠡᠯ ᠰᠠᠨᠠᠭ᠎ᠠ ᠶᠢ ᠣᠶᠢᠯᠠᠭᠠᠵᠤ᠂ ᠰᠢᠨ᠎ᠡ ᠠᠮᠵᠢᠯᠲᠠ ᠪᠦᠲᠦᠮᠵᠢ ᠶᠢ ᠮᠠᠭᠲᠠᠨ ᠳᠠᠭᠤᠯᠠᠵᠤ᠂ ᠰᠢᠨ᠎ᠡ | ᠬᠥᠭᠵᠢᠯᠲᠡ ᠳᠤ ᠬᠦᠴᠦᠨ ᠨᠡᠮᠡᠷᠢᠯᠡᠵᠦ᠂ ︽ᠪᠤᠭᠤᠷᠤᠯᠴᠤᠳ︾ ᠤᠨ ᠰᠢᠨ᠎ᠡ ᠡᠭᠦᠷᠭᠡᠯᠡᠯ ᠢ ᠢᠯᠡᠷᠡᠭᠦᠯᠵᠦ᠂ ᠲᠠᠬᠢᠨ | ᠰᠢᠨ᠎ᠡ ᠬᠤᠪᠢ ᠨᠡᠮᠡᠷᠢ ᠦᠵᠡᠭᠦᠯᠬᠦ ᠶᠢᠨ ᠲᠦᠯᠦᠭᠡ᠂ ᠲᠦᠷᠦᠭᠦᠬᠡᠨ᠂ ᠢᠦᠶ ᠴᠢᠤᠸᠠᠨ ᠲᠣᠭᠤᠷᠢᠭ ᠠᠵᠢᠯ ᠠᠴᠠ ᠪᠠᠨ | ᠪᠠᠭᠤᠵᠤ ᠠᠮᠠᠷᠠᠭᠰᠠᠨ 50 ᠭᠠᠷᠤᠶ ᠺᠠᠳ᠋ᠷ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠪᠥᠬᠦ ᠲᠤᠭᠤᠷᠢᠭ ᠤᠨ | ᠭᠤᠤᠯᠳᠠᠯᠭ᠎ᠠ ᠲᠠᠢ ᠲᠥᠷᠥᠯ ᠵᠦᠢᠯ ᠢ ᠲᠣᠭᠤᠷᠢᠨ ᠦᠵᠡᠭᠰᠡᠨ ᠪᠥᠭᠡᠳ ᠵᠠᠷᠯᠠᠨ ᠮᠡᠳᠡᠭᠳᠡᠬᠦ ᠬᠤᠷᠠᠯ ᠬᠤᠷᠠᠯᠳᠤᠭᠤᠯᠪᠠ᠃ | | | | | | ᠠᠬᠠᠮᠠᠳ ᠺᠠᠳ᠋ᠷᠴᠤᠳ ᠤᠷᠢᠳ ᠬᠤᠵᠢᠳ ᠥᠪᠥᠷ ᠮᠣᠩᠭᠤᠯ ᠤᠨ ᠴᠠᠭᠠᠨ ᠭᠤᠶᠣᠣ ᠶᠢᠨ ᠠᠵᠤ ᠦᠢᠯᠡᠰ ᠤᠨ | ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠢᠦᠶ ᠴᠢᠤᠸᠠᠨ ᠲᠣᠭᠤᠷᠢᠭ ᠤᠨ ᠪᠣᠬᠢᠷᠲᠤᠯ | ᠥᠬᠡᠶ ᠢᠳᠡᠭᠡᠨ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ᠂ ᠢᠦᠶ ᠴᠢᠤᠸᠠᠨ | ᠲᠣᠭᠤᠷᠢᠭ ᠤᠨ ᠲᠥᠪ ᠲᠣᠭᠤᠭᠠᠨ ᠬᠡᠷ ᠤᠨ ᠠᠵᠤ ᠦᠢᠯᠡᠰ ᠤᠨ ᠰᠠᠭᠤᠷᠢᠨ ᠭᠠᠵᠠᠷ ᠤᠨ ᠲᠥᠷᠥᠯ ᠵᠦᠢᠯ᠂ ᠶᠡᠭᠡ | ᠲᠦᠷᠭᠡᠨ ᠭᠤᠤᠯ ᠤᠨ ᠲᠡᠭᠦᠷᠭᠡ ᠶᠢᠨ ᠴᠡᠴᠡᠷᠯᠢᠭ ᠤᠨ ᠴᠢᠩ ᠢᠦᠶ ᠯᠢᠨ ᠰᠢ ᠬᠡᠷᠲᠦ ᠲᠡᠷᠭᠡ ᠶᠢᠨ ᠬᠤᠸᠠᠷᠠᠨ ᠵᠡᠷᠭᠡ | ᠭᠠᠵᠠᠷ ᠲᠤ ᠬᠦᠷᠴᠦ ᠲᠤᠬᠠᠶ ᠶᠢᠨ ᠭᠠᠵᠠᠷ ᠲᠤᠨᠢ ᠲᠣᠭᠤᠷᠢᠨ ᠦᠵᠡᠪᠡ᠃ ᠬᠦᠷᠦᠭᠰᠡᠨ ᠭᠠᠵᠠᠷ ᠪᠣᠯᠭᠠᠨ ᠳᠤ᠂ | ᠠᠬᠠᠮᠠᠳ ᠺᠠᠳ᠋ᠷᠴᠤᠳ ᠴᠥᠮ ᠲᠥᠷᠥᠯ ᠵᠦᠢᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠴᠤ᠂ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠶᠠᠪᠤᠬᠤ ᠶᠢᠨ ᠳᠠᠭᠠᠤ ᠦᠵᠡᠵᠦ᠂ | ᠰᠣᠨᠣᠰᠬᠤ ᠶᠢᠨ ᠳᠠᠭᠠᠤ ᠶᠠᠷᠢᠯᠴᠠᠵᠤ᠂ ᠮᠠᠨ ᠤ ᠲᠤᠭᠤᠷᠢᠭ ᠤᠨ ᠠᠵᠤ ᠠᠬᠤᠶ ᠶᠢᠨ ᠬᠥᠭᠵᠢᠯᠲᠡ᠂ ᠠᠷᠠᠳ ᠤᠨ | ᠲᠥᠯᠥᠭᠡ ᠪᠣᠳᠠᠲᠠᠶ ᠠᠵᠢᠯ ᠬᠢᠬᠦ᠂ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠳᠤᠮᠳᠠᠬᠢ ᠴᠣ ᠰᠢᠨ᠎ᠡ ᠬᠤᠪᠢᠷᠠᠯᠲᠠ | ᠪᠠ ᠢᠯᠡᠳᠲᠡ ᠠᠮᠵᠢᠯᠲᠠ ᠪᠦᠲᠦᠮᠵᠢ ᠶᠢ ᠪᠡᠶ᠎ᠡ ᠪᠠᠷ ᠢᠶᠠᠨ ᠣᠶᠢᠯᠠᠭᠠᠪᠠ᠃ | | | | | ᠲᠣᠭᠤᠷᠢᠨ ᠦᠵᠡᠬᠦ ᠬᠤᠭᠤᠴᠠᠭᠠᠨ ᠳᠤ᠂ ᠠᠬᠠᠮᠠᠳ ᠺᠠᠳ᠋ᠷᠴᠤᠳ ᠴᠤᠭ ᠵᠢᠪᠬᠤᠭ᠎ᠠ ᠲᠡᠭᠦᠯᠳᠡᠷ ᠪᠠᠶᠢᠯ᠎ᠠ᠃ | ᠳᠠᠷᠠᠭ᠎ᠠ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠲᠡᠳᠡ᠂ ᠲᠤᠭᠤᠷᠢᠭ ᠤᠨ ᠨᠠᠮ ᠤᠨ ᠬᠤᠷᠢᠶ᠎ᠠ | ᠵᠠᠰᠠᠭ ᠤᠨ ᠣᠷᠳᠣᠨ ᠲᠥᠪ ᠤᠨ ᠪᠠ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠡᠯ᠎ᠡ ᠵᠦᠢᠯ ᠤᠨ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ | ᠲᠤᠭᠤᠷᠢᠭ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠮᠵᠢᠨ᠂ | ᠢᠲᠡᠭᠡᠯ ᠵᠣᠷᠢᠭ ᠢᠶᠠᠨ ᠪᠠᠲᠤᠳᠬᠠᠵᠤ᠂ ᠡᠷᠴᠢ ᠵᠣᠷᠢᠭ ᠢᠶᠠᠨ ᠬᠥᠪᠴᠢᠯᠡᠨ᠂ ᠬᠦᠴᠢᠷ ᠢ ᠲᠤᠭᠤᠯᠤᠨ ᠪᠡᠷᠬᠡ ᠶᠢ | ᠳᠠᠪᠠᠵᠤ᠂ ᠪᠥᠬᠦ ᠲᠤᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠡᠯᠪᠡᠭ ᠪᠠᠶᠠᠯᠢᠭ᠂ | ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠷᠠᠳ ᠤᠨ | ᠠᠮᠢᠳᠤᠷᠠᠯ ᠤᠨ ᠠᠵᠠ ᠵᠢᠷᠭᠠᠯ ᠲᠠᠰᠤᠷᠠᠯᠲᠠ ᠥᠬᠡᠶ ᠪᠠᠲᠤᠵᠢᠵᠤ᠂ ᠡᠯ᠎ᠡ ᠵᠦᠢᠯ ᠤᠨ ᠠᠵᠢᠯ ᠦᠢᠯᠡᠰ ᠤᠨ ᠣᠯᠤᠭᠰᠠᠨ | ᠠᠮᠵᠢᠯᠲᠠ ᠨᠢᠳᠦᠨ ᠳᠤ ᠦᠵᠡᠭᠳᠡᠵᠦ᠂ ᠬᠥᠮᠦᠰ ᠢ ᠵᠣᠷᠢᠭᠵᠢᠭᠤᠯᠵᠠᠶ᠃ | | | | | ᠤᠯᠠᠨ ᠢᠶᠠᠷ ᠢᠶᠠᠨ᠂ ᠤᠯᠤᠰ ᠲᠦᠷᠦ ᠶᠢᠨ ᠳᠠᠪᠠᠭᠤᠯᠢᠭ᠂ ᠲᠤᠷᠰᠢᠯᠭ᠎ᠠ ᠶᠢᠨ ᠳᠠᠪᠠᠭᠤᠯᠢᠭ ᠢᠶᠠᠨ ᠦᠷᠭᠦᠯᠵᠢᠯᠡᠨ | ᠰᠠᠶᠢᠲᠤᠷ ᠪᠠᠳᠠᠷᠠᠭᠤᠯᠵᠤ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠴᠤᠭ ᠪᠠᠳᠠᠷᠠᠩᠭᠤᠢ ᠲᠡᠮᠡᠴᠡᠯ ᠤᠨ | ᠵᠣᠷᠢᠭ ᠢᠶᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠦᠯᠡᠳᠡᠪᠦᠷᠢ ᠢᠯᠴᠢ ᠪᠠᠨ ᠪᠠᠳᠠᠷᠠᠭᠤᠯᠵᠤ᠂ | ᠢᠦᠢ ᠴᠢᠤᠸᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ | ᠢᠯᠡᠳᠬᠡᠵᠡᠭᠡᠪᠡ᠃ | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ |