ᠢᠦᠢ ᠴᠢᠤᠸᠠᠨ ᠲᠣᠭᠤᠷᠢᠭ ᠤᠨ 2024 ᠣᠨ ᠤ ᠲᠦᠷᠦᠭᠦᠦ ᠭᠤᠷᠪᠠᠨ ᠤᠯᠠᠷᠢᠯ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ
ᠨᠡᠶᠢᠲᠡᠯᠡᠭᠰᠡᠨ ᠴᠠᠭ᠄
2024/10/24
     ᠨᠢᠭᠡ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ︵GDP︶      ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠢᠭᠡᠳᠦᠯᠲᠡᠢ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ ᠢᠦᠢ ᠴᠢᠤᠸᠠᠨ ᠲᠣᠭᠤᠷᠢᠭ ᠤᠨ ᠲᠦᠷᠦᠭᠦᠦ ᠭᠤᠷᠪᠠᠨ ᠤᠯᠠᠷᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠠᠳᠠᠯᠢ ᠬᠤᠭᠤᠴᠠᠭᠠᠨ ᠤ ᠬᠢ ᠠᠴᠠ 6.7% ︵ᠦᠨ᠎ᠡ ᠬᠤᠪᠢᠷᠠᠬᠤ ᠦᠭᠡᠢ︶ ᠪᠠᠷ ᠨᠡᠮᠡᠭᠳᠡᠵᠦ᠂ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.6% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.7% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.2% ᠢᠶᠠᠷ ᠨᠡᠮᠡᠭᠳᠡᠪᠡ᠃ ᠭᠤᠷᠪᠠᠨ ᠠᠵᠤ ᠦᠢᠯᠡᠰ ᠤᠨ ᠪᠦᠲᠦᠴᠡ ᠶᠢᠨ ᠬᠠᠷᠢᠴᠠᠯ ᠨᠢ 0.4᠄ 29.3᠄ 70.3᠃      ᠬᠤᠶᠠᠷ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ      ᠲᠦᠷᠦᠭᠦᠦ ᠭᠤᠷᠪᠠᠨ ᠤᠯᠠᠷᠢᠯ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 9.0% ︵ᠬᠠᠷᠢᠴᠠᠭᠤᠯᠵᠤ ᠪᠤᠯᠬᠤ ᠦᠨ᠎ᠡ︶ ᠪᠠᠷ ᠨᠡᠮᠡᠭᠳᠡᠪᠡ᠃      ᠭᠤᠷᠪᠠ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ      ᠲᠦᠷᠦᠭᠦᠦ ᠭᠤᠷᠪᠠᠨ ᠤᠯᠠᠷᠢᠯ ᠳᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 31.1% ᠪᠠᠷ ᠨᠡᠮᠡᠭᠳᠡᠪᠡ᠃      ᠳᠥᠷᠪᠡ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ      ᠲᠦᠷᠦᠭᠦᠦ ᠭᠤᠷᠪᠠᠨ ᠤᠯᠠᠷᠢᠯ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ ᠠᠳᠠᠯᠢ ᠬᠤᠭᠤᠴᠠᠭᠠᠨ ᠠᠴᠠ 5.8% ᠪᠠᠷ ᠨᠡᠮᠡᠭᠳᠡᠪᠡ᠃      ᠲᠠᠪᠤ᠂ ᠪᠦᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ      ᠲᠦᠷᠦᠭᠦᠤ ᠭᠤᠷᠪᠠᠨ ᠤᠯᠠᠷᠢᠯ ᠳᠤ᠂ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 5.0% ᠪᠠᠷ ᠨᠡᠮᠡᠭᠳᠡᠪᠡ᠃         ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号