ᠰᠧ ᠯᠢ ᠶᠢᠩ ᠵᠡᠭᠦᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ︽ᠬᠡᠪ ᠵᠠᠩᠰᠢᠯ ᠢ ᠦᠭᠡᠷᠡᠴᠢᠯᠡᠬᠦ ᠶᠢ ᠦᠷᠭᠦᠯᠵᠢᠯᠡᠨ ᠭᠦᠨᠵᠡᠭᠡᠶᠢᠷᠡᠭᠦᠯᠦᠶ᠎ᠡ — ᠥᠨᠳᠥᠷ ᠦᠨ᠎ᠡ ᠲᠠᠢ ᠪᠣᠭᠳᠣᠯᠠᠬᠤ ᠪᠡᠯᠡᠭ ᠢ ᠡᠰᠡᠷᠭᠦᠴᠡᠨ ᠬᠤᠷᠢᠭᠯᠠᠵᠤ᠂ ᠪᠣᠯᠪᠠᠰᠤᠨ ᠤᠷᠤᠭ ᠤᠨ ᠳᠠᠳᠬᠠᠯ ᠢ ᠰᠠᠨᠠᠭᠠᠴᠢᠯᠠᠬᠤ︾ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/25
     ᠲᠦᠷᠦᠭᠦᠬᠡᠨ᠂ ᠰᠧ ᠯᠢ ᠶᠢᠩ ᠵᠡᠭᠦᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ︽ᠬᠡᠪ ᠵᠠᠩᠰᠢᠯ ᠢ ᠦᠭᠡᠷᠡᠴᠢᠯᠡᠬᠦ ᠶᠢ ᠦᠷᠭᠦᠯᠵᠢᠯᠡᠨ ᠭᠦᠨᠵᠡᠭᠡᠶᠢᠷᠡᠭᠦᠯᠦᠶ᠎ᠡ — ᠥᠨᠳᠥᠷ ᠦᠨ᠎ᠡ ᠲᠠᠢ ᠪᠣᠭᠳᠣᠯᠠᠬᠤ ᠪᠡᠯᠡᠭ ᠢ ᠡᠰᠡᠷᠭᠦᠴᠡᠨ ᠬᠤᠷᠢᠭᠯᠠᠵᠤ᠂ ᠪᠣᠯᠪᠠᠰᠤᠨ ᠤᠷᠤᠭ ᠤᠨ ᠳᠠᠳᠬᠠᠯ ᠢ ᠰᠠᠨᠠᠭᠠᠴᠢᠯᠠᠬᠤ︾ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠨᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠥᠷᠭᠡᠨ ᠳᠡᠯᠭᠡᠷ ᠠᠩᠬᠠᠷᠤᠯ ᠪᠠ ᠢᠳᠡᠪᠬᠢᠲᠡᠶ ᠣᠷᠤᠯᠴᠠᠯᠭ᠎ᠠ ᠶᠢ ᠪᠤᠢ ᠪᠣᠯᠭᠠᠵᠤ᠂ ᠥᠨᠳᠥᠷ ᠦᠨ᠎ᠡ ᠲᠠᠢ ᠪᠤᠭᠲᠤᠯᠠᠬᠤ ᠪᠡᠯᠡᠭ ᠤᠨ ᠬᠤᠤᠷ ᠬᠥᠨᠥᠭᠡᠯ ᠢ ᠣᠯᠠᠨ ᠳᠤ ᠭᠦᠨᠵᠡᠭᠡᠶ ᠲᠠᠨᠢᠭᠤᠯᠪᠠ᠃
     ᠠᠵᠢᠯᠯᠠᠭ᠎ᠠ ᠶᠢᠨ ᠳᠤᠮᠳᠠ᠂ ᠰᠠᠶᠢᠨ ᠳᠤᠷ᠎ᠠ ᠶᠢᠨ ᠦᠢᠯᠡᠴᠢᠯᠡᠭᠴᠢᠳ ᠥᠨᠳᠥᠷ ᠦᠨ᠎ᠡ ᠲᠠᠢ ᠪᠤᠭᠲᠤᠯᠠᠬᠤ ᠪᠡᠯᠡᠭ ᠢ ᠬᠤᠷᠢᠭᠯᠠᠬᠤ ᠶᠢᠨ ᠠᠴᠢ ᠬᠤᠯᠪᠣᠭᠳᠠᠯ ᠢ ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠵᠥᠪ ᠣᠨᠣᠪᠴᠢᠲᠠᠶ ᠢᠨᠠᠭ ᠬᠠᠶᠢᠷ᠎ᠠ ᠶᠢᠨ ᠦᠵᠡᠯᠲᠡ᠂ ᠤᠷᠤᠭᠯᠠᠬᠤ ᠦᠵᠡᠯᠲᠡ ᠶᠢ ᠪᠣᠶ ᠪᠣᠯᠭᠠᠪᠠ᠃ ᠡᠭᠦᠨ ᠤ ᠬᠠᠮᠲᠤ᠂ ᠰᠠᠶᠢᠨ ᠳᠤᠷ᠎ᠠ ᠶᠢᠨ ᠦᠢᠯᠡᠴᠢᠯᠡᠭᠴᠢᠳ ᠪᠠᠰᠠ ᠤᠷᠤᠭ ᠤᠨ ᠵᠠᠩᠰᠢᠯ᠂ ᠣᠷᠣᠰᠢᠭᠤᠯᠭ᠎ᠠ ᠵᠡᠷᠭᠡ ᠬᠤᠯᠪᠣᠭᠳᠠᠯ ᠪᠦᠬᠦᠢ ᠬᠡᠪ ᠵᠠᠩᠰᠢᠯ ᠢ ᠦᠭᠡᠷᠡᠴᠢᠯᠡᠬᠦ ᠲᠥᠷᠥ ᠶᠢᠨ ᠪᠣᠳᠣᠯᠭ᠎ᠠ ᠶᠢ ᠬᠦᠯᠢᠴᠡᠩᠭᠦᠶ ᠪᠠᠷ ᠨᠠᠷᠢᠨ ᠨᠢᠮᠪᠠᠶ ᠲᠠᠶᠢᠯᠪᠤᠷᠢᠯᠠᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠤᠷᠤᠭ ᠤᠨ ᠶᠠᠪᠤᠳᠠᠯ ᠢ ᠰᠢᠨ᠎ᠡ ᠪᠠᠷ ᠬᠢᠬᠦ᠂ ᠪᠡᠯᠪᠡᠰᠦᠷᠡᠯ ᠤᠨ ᠶᠠᠪᠤᠳᠠᠯ ᠢ  ᠳᠦᠭᠦᠮ ᠡᠷᠬᠢᠯᠡᠬᠦ᠂ ᠨᠠᠰᠤᠲᠠᠨ ᠢᠶᠠᠨ ᠠᠴᠢᠯᠠᠵᠤ ᠲᠥᠷᠥᠯ ᠰᠠᠳᠤᠨ ᠢᠶᠠᠨ ᠬᠠᠶᠢᠷᠠᠯᠠᠬᠤ ᠨᠡᠶᠢᠭᠡᠮ ᠤᠨ ᠰᠢᠨ᠎ᠡ ᠬᠡᠪ ᠰᠤᠷᠲᠠᠯ ᠢ ᠪᠤᠢ ᠪᠣᠯᠭᠠᠪᠠ᠃
     ᠨᠡᠶᠢᠭᠡᠮ ᠲᠣᠭᠤᠷᠢᠭ ᠤᠨ ᠠᠵᠢᠯᠲᠠᠳ ᠪᠠᠰᠠ ᠠᠵᠢᠯᠯᠠᠭ᠎ᠠ ᠶᠢᠨ ᠤᠬᠠᠭᠤᠯᠭ᠎ᠠ ᠶᠢ ᠡᠳᠦᠷ ᠲᠤᠲᠤᠮ ᠤᠨ ᠠᠵᠢᠯ ᠲᠠᠢ ᠤᠶᠠᠯᠳᠤᠭᠤᠯᠵᠤ᠂ ᠠᠶᠢᠯ ᠡᠷᠦᠬᠡ ᠪᠠᠷ ᠰᠤᠷᠪᠤᠯᠵᠢᠯᠠᠬᠤ ᠬᠡᠯᠪᠡᠷᠢ ᠪᠠᠷ ᠳᠠᠮᠵᠢᠭᠤᠯᠤᠨ᠂ ᠬᠠᠷᠢᠶ᠎ᠠ ᠣᠷᠣᠨ ᠳᠤ ᠭᠦᠨᠵᠡᠭᠡᠶᠢᠷᠡᠨ ᠰᠠᠭᠤᠭᠠᠯᠢ ᠠᠷᠠᠳ ᠣᠯᠠᠨ ᠳᠤ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠶᠢᠨ ᠬᠠᠮᠲᠤ ᠲᠤᠬᠠᠶ ᠶᠢᠨ ᠲᠠᠯᠠᠪᠤᠷ ᠤᠨ ᠲᠠᠶᠢᠯᠤᠮᠵᠢ ᠬᠢᠪᠠ᠃ ᠲᠡᠳᠡ ᠬᠢᠯᠪᠠᠷ ᠣᠶᠢᠯᠠᠭᠠᠮᠵᠢᠲᠠᠶ ᠦᠭᠡ ᠬᠡᠯᠡ ᠪᠠᠷ ᠣᠯᠠᠨ ᠲᠦᠮᠡᠨ ᠳᠤ ᠥᠨᠳᠥᠷ ᠦᠨ᠎ᠡ ᠲᠠᠢ ᠪᠤᠭᠲᠤᠯᠠᠬᠤ ᠪᠡᠯᠡᠭ ᠢ ᠡᠰᠡᠷᠭᠦᠴᠡᠬᠦ ᠠᠴᠢ ᠬᠤᠯᠪᠣᠭᠳᠠᠯ ᠪᠠ ᠰᠣᠬᠤᠷ ᠪᠠᠯᠠᠶ ᠪᠠᠷ ᠳᠠᠭᠠᠵᠤ ᠥᠨᠳᠥᠷ ᠦᠨ᠎ᠡ ᠲᠠᠢ ᠪᠤᠭᠲᠤᠯᠠᠬᠤ ᠪᠡᠯᠡᠭ ᠠᠴᠠ ᠪᠣᠯᠤᠭᠰᠠᠨ ᠬᠤᠤᠷ ᠬᠥᠨᠥᠭᠡᠯ ᠢ ᠲᠠᠶᠢᠯᠪᠤᠷᠢᠯᠠᠨ ᠥᠭᠴᠦ᠂ ᠥᠷᠭᠡᠨ ᠣᠯᠠᠨ ᠰᠠᠭᠤᠭᠠᠯᠢ ᠠᠷᠠᠳ ᠣᠯᠠᠨ ᠲᠦᠮᠡᠨ᠂ ᠢᠯᠠᠩᠭᠤᠶ᠎ᠠ ᠵᠣᠬᠢᠬᠤ ᠨᠠᠰᠤᠨ ᠤ ᠵᠠᠯᠠᠭᠤᠴᠤᠳ ᠵᠢᠴᠢ ᠬᠡᠷ ᠤᠨ ᠠᠬᠠᠮᠠᠳ ᠤᠨ ᠦᠵᠡᠯ ᠰᠠᠨᠠᠭ᠎ᠠ ᠣᠶᠢᠯᠠᠭᠠᠭᠳᠠᠬᠤᠨ ᠢᠶᠠᠨ ᠬᠤᠪᠢᠷᠠᠭᠤᠯᠵᠤ᠂ ᠥᠨᠳᠥᠷ ᠦᠨ᠎ᠡ ᠲᠠᠢ ᠪᠤᠭᠲᠤᠯᠠᠬᠤ ᠪᠡᠯᠡᠭ ᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠰᠣᠬᠤᠷ ᠪᠠᠯᠠᠶ ᠪᠠᠷ ᠠᠳᠠᠯᠢᠳᠬᠠᠵᠤ᠂ ᠠᠷᠪᠢᠴᠢ ᠭᠠᠮᠲᠠᠶ᠂ ᠪᠣᠯᠪᠠᠰᠤᠨ ᠤᠷᠤᠭ ᠤᠨ ᠵᠠᠩ ᠳᠠᠳᠬᠠᠯ ᠢ ᠣᠯᠠᠨ ᠲᠦᠮᠡᠨ ᠤ ᠰᠡᠳᠬᠢᠯ ᠳᠤ ᠭᠦᠨ ᠬᠠᠳᠠᠩᠰᠢᠭᠤᠯᠬᠤ ᠶᠢ ᠤᠷᠢᠶᠠᠯᠠᠪᠠ᠃
     ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠥᠨᠳᠥᠷ ᠦᠨ᠎ᠡ ᠲᠠᠢ ᠪᠤᠭᠲᠤᠯᠠᠬᠤ ᠪᠡᠯᠡᠭ ᠤᠨ ᠬᠤᠤᠷ ᠬᠥᠨᠥᠭᠡᠯ ᠤᠨ ᠲᠤᠬᠠᠶ ᠨᠠᠩ ᠲᠣᠳᠣᠷᠬᠠᠶ ᠲᠠᠨᠢᠯᠲᠠ ᠲᠠᠢ ᠪᠣᠯᠵᠠᠶ᠃ ᠤᠯᠠᠨ ᠢᠶᠠᠷ ᠢᠶᠠᠨ ᠢᠯᠡᠷᠭᠡᠶᠢᠯᠡᠵᠡᠭᠡᠭᠰᠡᠨ ᠨᠢ᠂ ᠥᠨᠳᠥᠷ ᠦᠨ᠎ᠡ ᠲᠠᠢ ᠪᠤᠭᠲᠤᠯᠠᠬᠤ ᠪᠡᠯᠡᠭ ᠢ ᠡᠷᠡᠰ ᠬᠤᠷᠢᠭᠯᠠᠵᠤ᠂ ᠪᠣᠯᠪᠠᠰᠤᠨ ᠤᠷᠤᠭ ᠤᠨ ᠵᠠᠩᠰᠢᠯ ᠢ ᠰᠠᠨᠠᠭᠠᠴᠢᠯᠠᠵᠤ᠂ ᠤᠷᠤᠭ ᠤᠨ ᠶᠠᠪᠤᠳᠠᠯ ᠢ ᠮᠥᠨ ᠴᠢᠨᠠᠷ ᠲᠤᠨᠢ ᠬᠦᠷᠭᠡᠵᠦ᠂ ᠦᠨᠡᠨ ᠬᠠᠶᠢᠷ᠎ᠠ ᠪᠠ ᠬᠠᠷᠢᠭᠤᠴᠠᠯᠭ᠎ᠠ ᠪᠠᠷ ᠰᠠᠭᠤᠷᠢ ᠪᠣᠯᠭᠠᠵᠤ᠂ ᠡᠶ᠎ᠡ ᠵᠣᠬᠢᠴᠠᠩᠭᠤᠢ᠂ ᠵᠣᠯ ᠵᠢᠷᠭᠠᠯᠲᠤ ᠨᠡᠶᠢᠭᠡᠮ ᠤᠨ ᠣᠷᠴᠢᠨ ᠲᠣᠭᠤᠷᠢᠨ ᠢ ᠬᠠᠮᠲᠤᠪᠠᠷ ᠪᠠᠶᠢᠭᠤᠯᠤᠨ᠎ᠠ ᠬᠡᠵᠡᠢ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号