ᠶᠡᠭᠡ ᠵᠣᠣ ᠨᠡᠶᠢᠭᠡᠮ ᠲᠣᠭᠤᠷᠢᠭ ᠳᠤᠮᠳᠠᠳᠤ ᠤᠯᠤᠰ ᠤᠨ ᠠᠷᠪᠠᠨ ᠬᠤᠶᠠᠷ ᠵᠢᠯ ᠤᠨ ᠤᠯᠠᠮᠵᠢᠯᠠᠯᠲᠤ ᠰᠣᠶᠣᠯ ᠤᠨ ᠭᠤᠣᠯ ᠰᠡᠳᠦᠪᠲᠦ ᠠᠵᠢᠯᠯᠠᠭ᠎ᠠ ᠡᠷᠬᠢᠯᠡᠪᠡ
ᠨᠡᠶᠢᠲᠡᠯᠡᠭᠰᠡᠨ ᠴᠠᠭ᠄
2024/10/29
     ᠨᠡᠶᠢᠭᠡᠮ ᠲᠣᠭᠤᠷᠢᠭ ᠤᠨ ᠨᠠᠰᠤᠨ ᠳᠤ ᠦᠯᠦ ᠬᠦᠷᠦᠭᠰᠡᠳ ᠤᠨ ᠬᠢᠴᠢᠶᠡᠯ ᠤᠨ ᠴᠢᠯᠥᠭᠡᠨ ᠤ ᠠᠮᠢᠳᠤᠷᠠᠯ ᠢ ᠪᠠᠶᠠᠯᠢᠭᠵᠢᠭᠤᠯᠵᠤ᠂ ᠲᠡᠳᠡᠨ ᠤ ᠤᠯᠠᠮᠵᠢᠯᠠᠯᠲᠤ ᠰᠣᠶᠣᠯ ᠤᠨ ᠲᠤᠬᠠᠢ ᠲᠠᠨᠢᠯᠲᠠ ᠪᠠ ᠤᠶᠢᠯᠠᠭᠠᠯᠲᠠ ᠶᠢ ᠳᠡᠭᠡᠭᠰᠢᠯᠡᠭᠦᠯᠬᠦ ᠶᠢᠨ ᠲᠥᠯᠥᠭᠡ᠂ ᠤᠶᠢᠷ᠎ᠠ ᠶᠢᠨ ᠡᠳᠦᠷ᠂ ᠢᠦᠢ ᠴᠢᠤᠸᠠᠨ ᠲᠣᠭᠤᠷᠢᠭ ᠤᠨ ᠶᠡᠭᠡ ᠵᠣᠣ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠢᠦᠢ ᠴᠢᠤᠸᠠᠨ ᠲᠣᠭᠤᠷᠢᠭ ᠤᠨ ᠯᠢᠩ ᠢ ᠨᠡᠶᠢᠭᠡᠮ ᠤᠨ ᠵᠣᠬᠢᠶᠠᠨ  ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ᠂ ᠢᠦᠢ ᠴᠢᠤᠸᠠᠨ ᠲᠣᠭᠤᠷᠢᠭ ᠤᠨ ᠲᠧᠦ ᠳ᠋ᠣᠣ ᠭᠤᠳᠤᠮᠵᠢ ᠶᠢᠨ ᠪᠠᠭ᠎ᠠ ᠰᠤᠷᠭᠠᠭᠤᠯᠢ ᠲᠠᠢ ᠬᠠᠮᠲᠤᠷᠠᠨ ᠳᠤᠮᠳᠠᠳᠤ ᠤᠯᠤᠰ ᠤᠨ ᠠᠷᠪᠠᠨ ᠬᠤᠶᠠᠷ ᠵᠢᠯ ᠤᠨ ᠤᠯᠠᠮᠵᠢᠯᠠᠯᠲᠤ ᠰᠣᠶᠣᠯ ᠤᠨ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠪᠡ᠃
     ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠠᠵᠢᠯᠲᠠᠳ ᠠᠮᠢᠳᠤᠯᠢᠭ ᠪᠥᠭᠡᠳ ᠰᠣᠨᠢᠷᠬᠠᠯᠲᠠᠶ ᠲᠠᠶᠢᠯᠪᠤᠷᠢᠯᠠᠯᠲᠠ ᠪᠠ ᠪᠠᠶᠠᠯᠢᠭ ᠰᠠᠶᠢᠬᠠᠨ ᠭᠡᠷᠡᠯ ᠵᠢᠷᠤᠭ ᠤᠨ ᠦᠵᠡᠭᠦᠯᠦᠯᠭᠡ ᠪᠠᠷ ᠳᠠᠮᠵᠢᠭᠤᠯᠤᠨ᠂ ᠬᠡᠤᠬᠡᠳ ᠤᠳ ᠲᠤ ᠠᠷᠪᠠᠨ ᠬᠤᠶᠠᠷ ᠵᠢᠯ ᠤᠨ ᠡᠭᠦᠰᠦᠯ᠂ ᠤᠯᠠᠮᠵᠢᠯᠠᠯ ᠶᠠᠷᠢᠶ᠎ᠠ᠂ ᠵᠢᠭᠰᠠᠭᠠᠯᠲᠠ ᠵᠢᠴᠢ ᠠᠷᠪᠠᠨ ᠬᠤᠶᠠᠷ ᠵᠢᠯ ᠨᠢᠭᠡᠪᠦᠷᠢ ᠶᠢᠨ ᠲᠦᠯᠦᠭᠡᠯᠡᠵᠦ ᠪᠠᠶᠢᠭ᠎ᠠ ᠠᠴᠢ ᠬᠤᠯᠪᠣᠭᠳᠠᠯ ᠪᠠ ᠣᠨᠴᠠᠯᠢᠭ ᠢ ᠨᠠᠷᠢᠨ ᠲᠠᠨᠢᠯᠴᠠᠭᠤᠯᠪᠠ᠃ ᠬᠡᠦᠬᠡᠳ ᠤᠳ ᠮᠠᠰᠢ ᠰᠤᠨᠢᠷᠬᠠᠯᠲᠠᠢ ᠰᠤᠨᠤᠰᠤᠭᠰᠠᠨ ᠪᠥᠭᠡᠳ ᠠᠵᠢᠯᠲᠠᠨ ᠠᠴᠠ ᠢᠳᠡᠪᠬᠢᠲᠡᠶ ᠪᠠᠷ ᠠᠰᠠᠭᠤᠯᠲᠠ ᠠᠰᠠᠭᠤᠵᠤ᠂ ᠲᠤᠬᠠᠶ ᠶᠢᠨ ᠲᠠᠯᠠᠪᠠᠶ ᠶᠢᠨ ᠠᠭᠤᠷ ᠠᠮᠢᠰᠬᠤᠯ ᠮᠠᠰᠢ ᠬᠥᠭᠵᠢᠶᠡᠨᠲᠡᠶ ᠪᠠᠶᠢᠯ᠎ᠠ᠃
     ᠠᠷᠪᠠᠨ ᠬᠤᠶᠠᠷ ᠵᠢᠯ ᠤᠨ ᠮᠡᠳᠡᠯᠭᠡ ᠶᠢ ᠤᠶᠢᠯᠠᠭᠠᠭᠰᠠᠨ ᠤ ᠳᠠᠷᠠᠭ᠎ᠠ᠂ ᠬᠡᠦᠬᠡᠳ ᠥᠷᠢᠰᠦᠯᠳᠦᠭᠡᠨ ᠪᠠ ᠰᠣᠨᠢᠷᠬᠠᠯᠲᠠᠢ ᠠᠷᠪᠠᠨ ᠬᠤᠶᠠᠷ ᠵᠢᠯ ᠤᠨ ᠪᠣᠰᠤᠭ᠎ᠠ ᠴᠣᠭᠴᠠᠲᠤ ᠵᠠᠭᠪᠤᠷ ᠤᠨ ᠵᠢᠷᠤᠭ ᠤᠭᠰᠠᠷᠠᠭᠤᠯᠬᠤ ᠭᠤᠭᠴᠤᠭ᠎ᠠ ᠶᠢ ᠤᠭᠲᠤᠨ ᠠᠪᠴᠢᠷᠠᠵᠠᠢ᠄ ᠲᠡᠳᠡ ᠳᠤᠭᠤᠶᠢᠯᠠᠩ ᠬᠤᠪᠢᠶᠠᠵᠤ᠂ ᠰᠡᠳᠭᠢᠯ ᠨᠢᠭᠡᠳᠦᠨ ᠬᠦᠴᠦ ᠪᠠᠨ ᠬᠠᠮᠳᠤᠳᠬᠠᠵᠤ᠂ ᠵᠢᠷᠤᠭ ᠤᠭᠰᠠᠷᠠᠭᠤᠯᠬᠤ ᠠᠷᠭ᠎ᠠ ᠪᠠ ᠤᠷ᠎ᠠ ᠮᠡᠷᠭᠡᠵᠢᠯ ᠢ ᠬᠠᠮᠲᠤᠪᠠᠷ ᠰᠤᠳᠤᠯᠵᠠᠢ᠃ ᠨᠢᠭᠡ ᠤᠳᠠᠭᠠᠨ ᠤ ᠴᠢᠷᠮᠠᠶᠢᠯᠭ᠎ᠠ ᠪᠠᠷ ᠳᠠᠮᠵᠢᠨ᠂ ᠭᠤᠶᠤ ᠰᠠᠶᠢᠬᠠᠨ ᠠᠷᠪᠠᠨ ᠬᠤᠶᠠᠷ ᠵᠢᠯ ᠤᠨ ᠪᠣᠰᠤᠭ᠎ᠠ ᠴᠣᠭᠴᠠᠲᠤ ᠵᠠᠭᠪᠤᠷ ᠤᠨ ᠵᠢᠷᠤᠭ ᠬᠡᠤᠬᠡᠳ ᠤᠨ ᠭᠠᠷ ᠲᠤ ᠮᠡᠨᠳᠦᠯᠡᠵᠦ ᠲᠡᠳᠡᠨ ᠤ ᠴᠢᠷᠠᠢ ᠨᠢ ᠣᠮᠤᠭ ᠪᠠᠭ᠋ᠠᠳᠤᠯᠲᠤ ᠢᠨᠢᠶᠡᠮᠰᠦᠭᠯᠡᠯ ᠪᠢᠯᠬᠠᠵᠤ ᠪᠠᠶᠢᠯ᠎ᠠ᠃ ᠡᠨᠡ ᠬᠦ ᠶᠠᠪᠤᠴᠠ ᠳᠤ᠂ ᠬᠡᠦᠬᠡᠳ ᠤᠳ ᠭᠠᠷ ᠬᠥᠳᠡᠯᠬᠦ ᠴᠢᠳᠠᠪᠤᠷᠢ ᠪᠠ ᠣᠷᠣᠨ ᠵᠠᠢ ᠶᠢᠨ ᠰᠡᠳᠭᠢᠬᠦᠢ ᠶᠢᠨ ᠴᠢᠳᠠᠪᠤᠷᠢ ᠪᠠᠨ ᠪᠣᠯᠪᠠᠰᠤᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠪᠦᠯᠬᠦᠮ ᠨᠡᠶᠢᠲᠡ ᠶᠢᠨ ᠬᠠᠮᠲᠤᠷᠠᠯᠴᠠᠭᠠᠨ ᠤ ᠵᠣᠷᠢᠭ ᠰᠠᠨᠠᠭ᠎ᠠ ᠶᠢ ᠬᠥᠮᠦᠵᠢᠭᠦᠯᠵᠡᠢ᠃
     ᠲᠣᠰ ᠤᠳᠠᠭᠠᠨ ᠤ ᠠᠵᠢᠯᠯᠠᠭ᠎ᠠ ᠨᠢ ᠠᠷᠪᠠᠨ ᠬᠤᠶᠠᠷ ᠵᠢᠯ ᠤᠨ ᠮᠡᠳᠡᠯᠭᠡ ᠶᠢ ᠲᠦᠭᠡᠮᠡᠯᠵᠢᠭᠦᠯᠬᠦ ᠪᠠᠷ ᠳᠠᠮᠵᠢᠭᠤᠯᠤᠨ᠂ ᠬᠡᠤᠬᠡᠳ ᠤᠨ ᠳᠤᠮᠳᠠᠳᠤ ᠤᠯᠤᠰ ᠤᠨ ᠤᠯᠠᠮᠵᠢᠯᠠᠯᠲᠤ ᠰᠣᠶᠣᠯ ᠤᠨ ᠲᠤᠬᠠᠶ ᠣᠶᠢᠯᠠᠭᠠᠯᠲᠠ ᠪᠠ ᠲᠠᠨᠢᠯᠲᠠ ᠶᠢ ᠭᠦᠨᠵᠡᠭᠡᠶᠢᠷᠡᠭᠦᠯᠵᠦ᠂ ᠦᠨᠳᠦᠰᠦᠲᠡᠨ ᠤ ᠣᠮᠣᠭᠰᠢᠯᠲᠤ ᠰᠡᠳᠬᠢᠯᠭᠡ ᠪᠠ ᠰᠣᠶᠣᠯ ᠤᠨ ᠥᠪᠡᠷ ᠢ ᠪᠠᠨ ᠢᠲᠡᠭᠡᠬᠦ ᠰᠡᠳᠬᠢᠯᠭᠡ ᠶᠢ ᠨᠡᠮᠡᠭᠳᠡᠭᠦᠯᠵᠦ᠂ ᠬᠡᠦᠬᠡᠳ ᠢ ᠦᠢᠯᠡᠳᠦᠯᠭᠡ ᠶᠢᠨ ᠳᠤᠮᠳᠠ ᠣᠯᠠᠨ ᠵᠦᠢᠯ ᠤᠨ ᠴᠢᠳᠠᠪᠤᠷᠢ ᠶᠢ ᠳᠠᠪᠲᠠᠨ ᠪᠣᠯᠪᠠᠰᠤᠷᠠᠭᠤᠯᠵᠤ᠂ ᠲᠡᠳᠡᠨ ᠤ ᠬᠠᠮᠲᠤᠷᠠᠯᠴᠠᠭᠠᠨ ᠤ ᠤᠬᠠᠮᠰᠠᠷ ᠪᠠ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠬᠥᠮᠦᠵᠢᠭᠦᠯᠵᠡᠶ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号