ᠰᠢᠩ ᠯᠦᠩ ᠭᠤᠲᠤᠮᠵᠢ ᠶᠢᠨ ᠵᠡᠭᠡᠯᠢ ᠭᠤᠳᠤᠮᠵᠢ ᠶᠢᠨ ᠴᠢᠩ ᠴᠢᠤᠸᠠᠨ ᠵᠡᠭᠡᠯᠢ ᠶᠢᠨ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠡᠶᠢᠲᠡ︾ ᠶᠢᠨ ᠡᠷᠬᠢᠮ ᠳᠡᠭᠡᠳᠦ ᠢᠷᠠᠭᠤ ᠠᠯᠳᠠᠷ ᠢ ᠭᠥᠷᠳᠡᠪᠡ
ᠨᠡᠶᠢᠲᠡᠯᠡᠭᠰᠡᠨ ᠴᠠᠭ᠄
2024/10/29
     ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠪᠣᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠰᠠᠭᠤᠷᠢ ᠴᠢᠨᠠᠷᠲᠠᠢ ᠦᠢᠯᠡᠰ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠨᠠᠮ ᠪᠣᠯᠤᠨ ᠤᠯᠤᠰ ᠤᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠴᠤ᠂ ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠬᠤ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠴᠤᠭᠴᠠᠯᠠᠬᠤ ᠰᠦᠷ ᠵᠢᠪᠬᠤᠯᠠᠩᠲᠤ ᠰᠢᠨ᠎ᠡ ᠬᠠᠭᠤᠳᠠᠰᠤ ᠶᠢ ᠪᠢᠴᠢᠭᠯᠡᠪᠡ᠃
     2024 ᠣᠨ ᠤ 9 ᠳ᠋ᠤᠭᠡᠷ ᠰᠠᠷ᠎ᠠ ᠶᠢᠨ 27 ᠤ ᠡᠳᠦᠷ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠪᠡᠭᠡᠵᠢᠩ ᠳᠤ ᠦᠪᠡᠳᠡᠭᠰᠢ ᠶᠡᠭᠡ ᠪᠠᠷ ᠬᠤᠷᠠᠯᠳᠤᠪᠠ᠂ ᠡᠨᠡ ᠪᠣᠯ ᠠᠩᠬ᠎ᠠ ᠤᠳᠠᠭ᠎ᠠ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠨᠡᠷ᠎ᠡ ᠪᠠᠷ ᠬᠤᠷᠠᠯᠳᠤᠭᠰᠠᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠪᠣᠯᠤᠨ᠎ᠠ᠃ ᠲᠡᠷᠢᠭᠦᠨ ᠤ ᠬᠢ ᠶᠢ ᠬᠥᠬᠢᠭᠦᠯᠦᠨ ᠰᠠᠶᠢᠰᠢᠶᠠᠵᠤ᠂ ᠨᠡᠶᠢᠲᠡᠯᠢᠭ ᠵᠢᠱᠢᠶ᠎ᠡ ᠶᠢ ᠪᠤᠢ ᠪᠣᠯᠭᠠᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠬᠤ ᠶᠢᠨ ᠲᠥᠯᠥᠭᠡ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ 352 ᠬᠠᠮᠲᠤ ᠨᠡᠶᠢᠲᠡ ᠳᠤ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠡᠶᠢᠲᠡ︾ ᠶᠢᠨ ᠴᠣᠯᠠ ᠣᠯᠭᠤᠵᠤ᠂ 368 ᠬᠤᠪᠢ ᠬᠥᠮᠦᠨ ᠳᠤ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠥᠮᠦᠨ︾ ᠤ ᠴᠣᠯᠠ ᠣᠯᠭᠤᠪᠠ᠃ ᠢᠦᠢ ᠴᠢᠤᠸᠠᠨ ᠲᠣᠭᠤᠷᠢᠭ ᠤᠨ ᠰᠢᠩ ᠯᠦᠩ ᠭᠤᠲᠤᠮᠵᠢ ᠶᠢᠨ ᠵᠡᠭᠡᠯᠢ ᠭᠤᠳᠤᠮᠵᠢ ᠶᠢᠨ ᠴᠢᠩ ᠴᠢᠤᠸᠠᠨ ᠵᠡᠭᠡᠯᠢ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠡᠶᠢᠲᠡ︾ ᠶᠢᠨ ᠡᠷᠬᠢᠮ ᠳᠡᠭᠡᠳᠦ ᠢᠷᠠᠭᠤ ᠠᠯᠳᠠᠷ ᠢ ᠭᠥᠷᠳᠡᠪᠡ᠃
     ᠴᠢᠩ ᠴᠢᠤᠸᠠᠨ ᠵᠡᠭᠡᠯᠢ ᠶᠢᠨ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠡᠦ ᠾᠧ ᠰᠢᠶᠠᠩ᠄ ︽ᠡᠨᠡ ᠬᠦ ᠬᠦᠨᠳᠦ ᠨᠦᠰᠡᠷ ᠢᠷᠠᠭᠤ ᠠᠯᠳᠠᠷ ᠪᠣᠯ ᠨᠡᠶᠢᠭᠡᠮ ᠲᠣᠭᠤᠷᠢᠭ ᠤᠨ ᠪᠤᠢ ᠪᠦᠬᠦᠢ ᠠᠵᠢᠯᠲᠠᠨ ᠪᠣᠯᠤᠨ ᠬᠠᠷᠢᠶ᠎ᠠ ᠣᠷᠣᠨ ᠤ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠤᠨ ᠬᠠᠮᠲᠤ ᠪᠠᠷ ᠴᠢᠷᠮᠠᠶᠢᠭᠰᠠᠨ ᠦᠷ᠎ᠡ ᠪᠦᠲᠦᠭᠡᠯ ᠪᠣᠯᠤᠨ᠎ᠠ᠃ ᠨᠡᠶᠢᠭᠡᠮ ᠲᠣᠭᠤᠷᠢᠭ ᠤᠨ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠲᠦᠢᠯ ᠢᠶᠠᠷ ᠰᠡᠳᠬᠢᠯ ᠳᠣᠭᠳᠣᠯᠵᠤ᠂ ᠪᠠᠶᠠᠷᠯᠠᠨ ᠵᠣᠷᠢᠭᠵᠢᠵᠤ᠂ ᠨᠠᠮ ᠪᠣᠯᠤᠨ ᠵᠠᠰᠠᠭ ᠤᠨ ᠣᠷᠳᠣᠨ ᠤ ᠮᠠᠨ ᠤ ᠦᠨᠳᠦᠰᠦᠨ ᠱᠠᠲᠤᠨ ᠤ ᠨᠡᠶᠢᠭᠡᠮ ᠲᠣᠭᠤᠷᠢᠭ ᠢ ᠳᠡᠮᠵᠢᠵᠦ ᠬᠠᠯᠠᠮᠵᠢᠯᠠᠭᠰᠠᠨ ᠳᠤ ᠲᠠᠯᠠᠷᠬᠠᠵᠤ ᠪᠠᠶᠢᠨ᠎ᠠ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠨᠡᠶᠢᠭᠡᠮ ᠲᠣᠭᠤᠷᠢᠭ ᠤᠨ ᠦᠨᠳᠦᠰᠦᠲᠡᠨ ᠤ ᠠᠵᠢᠯ ᠢ ᠤᠯᠠᠨ ᠲᠦᠮᠡᠨ ᠲᠠᠢ ᠨᠡᠩ ᠤᠢᠢᠷᠠᠳᠤᠭᠤᠯᠤᠨ᠂ ᠠᠷᠠᠳ ᠤᠨ ᠰᠡᠳᠬᠢᠯ ᠳᠤ ᠨᠡᠩ ᠨᠡᠶᠢᠴᠡᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠨ᠎ᠡ︾ ᠭᠡᠵᠦ ᠬᠡᠯᠡᠪᠡ᠃
     ᠤᠯᠠᠨ ᠵᠢᠯ ᠤᠨ ᠲᠤᠷᠰᠢ᠂ ᠴᠢᠩ ᠴᠢᠤᠸᠠᠨ ᠵᠡᠭᠡᠯᠢ ᠶᠢᠨ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ᠂ ᠤᠯᠠᠨ ᠡᠰᠢᠴᠢᠯᠡᠭᠰᠡᠨ ᠠᠭᠤᠰᠤᠯᠴᠠᠭᠰᠠᠨ ᠬᠤᠳᠠ ᠶᠢᠨ ᠦᠨᠳᠦᠰᠦᠲᠡᠨ ᠤ ᠠᠵᠢᠯ ᠤᠨ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤᠪᠠᠷ ᠰᠠᠭᠤᠵᠤ ᠬᠠᠮᠲᠤᠪᠠᠷ ᠰᠤᠷᠤᠯᠴᠠᠬᠤ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ᠂ ᠬᠠᠮᠲᠤᠪᠠᠷ ᠠᠵᠢᠯᠯᠠᠵᠤ ᠬᠠᠮᠲᠤᠪᠠᠷ ᠵᠢᠷᠭᠠᠬᠤ ᠬᠠᠷᠢᠯᠴᠠᠨ ᠰᠢᠭᠢᠳᠬᠡᠬᠦ ᠮᠠᠶ᠋ᠢᠭ ᠤᠨ ᠨᠡᠶᠢᠭᠡᠮ ᠲᠣᠭᠤᠷᠢᠭ ᠤᠨ ᠣᠷᠴᠢᠨ ᠨᠦᠬᠦᠴᠡᠯ ᠢ ᠬᠦᠴᠦᠯᠡᠨ ᠪᠠᠶᠢᠭᠤᠯᠵᠤ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ᠂ ᠭᠦᠨᠵᠡᠭᠡᠢ ᠠᠭᠤᠰᠤᠯᠴᠠᠯ ᠢ ᠠᠬᠢᠭᠤᠯᠵᠤ᠂ ᠡᠯ᠎ᠡ ᠦᠨᠳᠦᠰᠦᠲᠡᠨ ᠤ ᠤᠯᠠᠨ ᠲᠦᠮᠡᠨ ᠢ ᠨᠡᠶᠢᠭᠡᠮ ᠲᠣᠭᠤᠷᠢᠭ ᠲᠤ ᠡᠶ᠎ᠡ ᠨᠠᠶᠢᠷᠲᠠᠢ ᠪᠠᠷ ᠬᠠᠮᠲᠤ ᠣᠷᠣᠰᠢᠬᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ︽ᠬᠥᠷᠰᠢ ᠵᠡᠷᠭᠡᠯᠡᠳᠡᠭᠡ ᠶᠢᠨ ᠬᠢᠨ ᠨᠢᠭᠡ ᠭᠡᠷ ᠮᠡᠲᠦ ᠳᠣᠲᠣᠨᠣ︾ ᠰᠠᠶᠢᠨ ᠬᠥᠮᠦᠨ ᠤ ᠨᠡᠶᠢᠭᠡᠮ ᠲᠣᠭᠤᠷᠢᠭ ᠢ ᠪᠠᠶᠢᠭᠤᠯᠵᠤ᠂ ᠤᠷᠢᠳ ᠬᠤᠵᠢᠳ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ᠂ ᠪᠦᠬᠦ ᠤᠯᠤᠰ ᠤᠨ ᠡᠶ᠎ᠡ ᠵᠣᠬᠢᠴᠠᠩᠭᠤᠢ ᠨᠡᠶᠢᠭᠡᠮ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠨᠢᠭᠡᠴᠢ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠨᠢᠭᠡᠴᠢ᠂ ᠬᠥᠬᠡᠬᠤᠲᠠ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠨᠢᠭᠡᠴᠢ ᠵᠡᠷᠭᠡ ᠡᠯ᠎ᠡ ᠱᠠᠲᠤᠨ ᠤ 103 ᠵᠦᠢᠯ ᠤᠨ ᠢᠷᠠᠭᠤ ᠠᠯᠳᠠᠷ ᠢ ᠬᠦᠷᠳᠡᠵᠡᠢ᠃
     ᠴᠢᠩ ᠴᠢᠤᠸᠠᠨ ᠵᠡᠭᠡᠯᠢ ᠶᠢᠨ ᠨᠡᠶᠢᠭᠡᠮ ᠲᠣᠭᠤᠷᠢᠭ ᠬᠤᠶᠢᠰᠢᠳᠠ ᠬᠠᠷᠢᠶ᠎ᠠ ᠣᠷᠣᠨ ᠤ ᠪᠠᠨ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠤᠨ ᠬᠠᠷᠢᠯᠴᠠᠨ ᠰᠢᠭᠢᠳᠬᠡᠬᠦ ᠮᠠᠶ᠋ᠢᠭ ᠤᠨ ᠠᠮᠢᠳᠤᠷᠠᠯ ᠤᠨ ᠪᠠᠶᠢᠳᠠᠯ ᠢ ᠲᠠᠰᠤᠷᠠᠯᠲᠠ ᠦᠭᠡᠢ ᠪᠣᠶ ᠪᠣᠯᠭᠠᠬᠤ ᠶᠢ ᠦᠷᠭᠦᠯᠵᠢᠯᠡᠨ ᠠᠬᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠨᠢᠭᠲᠠᠷᠠᠯ ᠤᠨ ᠬᠦᠴᠦᠨ ᠢ ᠳᠡᠭᠡᠭᠰᠢᠯᠡᠭᠦᠯᠦᠨ᠂ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠨᠠᠩ ᠣᠯᠠᠨ ᠪᠣᠳᠠᠲᠤ ᠠᠰᠢᠭ ᠬᠦᠷᠲᠡᠭᠡᠵᠦ᠂ ᠵᠥᠷᠢᠴᠡᠯ ᠵᠢᠭᠤᠷᠠᠯᠳᠤᠭᠠᠨ ᠤ ᠳᠠᠯᠳᠠ ᠭᠡᠮ ᠢ ᠡᠬᠢ ᠡᠭᠦᠰᠦᠯ ᠠᠴᠠ ᠨᠢ ᠠᠷᠢᠯᠭᠠᠨ᠂ ᠪᠦᠯᠬᠦᠮᠳᠡᠯ ᠨᠥᠬᠦᠷᠯᠡᠯ ᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠠᠭᠤᠰᠤᠯᠴᠠᠯ ᠤᠨ ᠥᠷᠭᠡᠴᠡ ᠪᠠ ᠭᠦᠨᠴᠡ ᠶᠢ ᠥᠷᠭᠡᠳᠬᠡᠨ᠎ᠡ᠃ ᠦᠨᠳᠦᠰᠦᠲᠡᠨ ᠨᠦᠭᠦᠳ ᠤᠨ ᠠᠷᠠᠳ ᠲᠦᠮᠡᠨ ᠤ ᠭᠠᠷ ᠭᠠᠷ ᠢᠶᠠᠨ ᠬᠤᠯᠪᠣᠯᠴᠠᠬᠤ᠂ ᠰᠡᠳᠬᠢᠯ ᠵᠢᠷᠦᠬᠡ ᠪᠠᠨ ᠬᠤᠯᠪᠣᠬᠤ ᠰᠠᠶᠢᠨ ᠤᠯᠠᠮᠵᠢᠯᠠᠯ ᠢ ᠪᠠᠳᠠᠷᠠᠭᠤᠯᠵᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠳᠤᠮᠳᠠ ᠦᠨᠳᠦᠰᠦᠲᠡᠨ ᠨᠦᠭᠦᠳ ᠤᠨ ᠤᠯᠠᠨ ᠲᠦᠮᠡᠨ ᠤ ᠵᠣᠯ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠣᠳᠠᠲᠤ ᠠᠵᠢᠯᠯᠠᠭ᠎ᠠ ᠪᠣᠯᠤᠨ ᠡᠭᠦᠷᠭᠡᠯᠡᠯ ᠢᠶᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠰᠢᠨ᠎ᠡ ᠬᠠᠭᠤᠳᠠᠰᠤ ᠶᠢ ᠵᠢᠷᠤᠭᠯᠠᠬᠤ ᠬᠡᠷᠡᠭᠲᠡᠢ᠃          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号