ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠢᠦᠢ ᠴᠢᠤᠸᠠᠨ ᠲᠣᠭᠤᠷᠢᠭ ᠤᠨ ᠤᠯᠠᠨ ᠲᠦᠮᠡᠨᠴᠢᠯᠡᠭᠰᠡᠨ ᠤᠬᠠᠭᠤᠯᠤᠨ ᠲᠠᠶᠢᠯᠪᠤᠷᠢᠯᠠᠬᠤ ᠪᠦᠯᠬᠦᠮ ᠪᠠᠭ᠎ᠠ ᠲᠦᠷᠭᠡᠨ ᠭᠤᠤᠯ ᠪᠠᠯᠭᠠᠰᠤᠨ ᠤ ᠶᠡᠭᠡ ᠬᠦᠷᠢᠶ᠎ᠡ ᠲᠣᠰᠬᠤᠨ ᠳᠤ ᠬᠦᠷᠪᠡ
ᠨᠡᠶᠢᠲᠡᠯᠡᠭᠰᠡᠨ ᠴᠠᠭ᠄
2024/10/31
     ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠷᠭᠡᠨ ᠤᠯᠠᠨ ᠺᠠᠳ᠋ᠷ ᠤᠯᠠᠨ ᠲᠦᠮᠡᠨ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠤᠨᠤᠯ ᠤᠨ ᠤᠬᠠᠭᠤᠯᠤᠨ ᠲᠠᠶᠢᠯᠪᠤᠷᠢᠯᠠᠯᠲᠠ ᠶᠢᠨ ᠦᠵᠡᠯ ᠰᠠᠨᠠᠭ᠎ᠠ ᠶᠢ ᠨᠢᠭᠡᠳᠬᠡᠬᠦ᠂ ᠮᠠᠳᠠᠭ ᠲᠠᠢ ᠵᠦᠢᠯ ᠢ ᠲᠠᠶᠢᠯᠪᠤᠷᠢᠯᠠᠵᠤ ᠲᠥᠭᠡᠷᠢᠭᠳᠡᠯ ᠢ ᠲᠠᠶᠢᠯᠬᠤ᠂ ᠠᠩᠬᠠᠷᠤᠯ ᠢᠶᠠᠨ ᠲᠦᠪᠯᠡᠷᠡᠭᠦᠯᠬᠦ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠶᠢᠨ ᠲᠦᠯᠦᠭᠡ᠂ ᠣᠶᠢᠷ᠎ᠠ ᠳᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭᠠᠨ ᠤ ᠢᠦᠢ ᠴᠢᠤᠸᠠᠨ ᠲᠣᠭᠤᠷᠢᠭ ᠤᠨ ᠤᠯᠠᠨ ᠲᠦᠮᠡᠨᠴᠢᠯᠡᠭᠰᠡᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠪᠠᠭ᠎ᠠ ᠲᠦᠷᠭᠡᠨ ᠭᠤᠤᠯ ᠪᠠᠯᠭᠠᠰᠤᠨ ᠤ ᠶᠡᠭᠡ ᠬᠦᠷᠢᠶ᠎ᠡ ᠲᠣᠰᠬᠤᠨ ᠳᠤ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠪᠡ᠃
     ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠯᠲᠠ ᠶᠢ ︽ᠤᠨᠤᠯ + ᠤᠳᠬ᠎ᠠ ᠤᠷᠠᠯᠢᠭ︾ ᠤᠨ ᠬᠡᠯᠪᠡᠷᠢ ᠪᠠᠷ ᠥᠷᠨᠢᠭᠦᠯᠵᠦ᠂ 6 ᠤᠬᠠᠭᠤᠯᠤᠨ ᠲᠠᠶᠢᠯᠪᠤᠷᠢᠯᠠᠭᠴᠢ ᠥᠪᠡᠷ ᠤᠨ ᠲᠡᠮᠡᠴᠡᠯ ᠤᠨ ᠦᠯᠢᠭᠡᠷ ᠢᠶᠠᠨ ᠶᠠᠷᠢᠵᠤ᠂ ᠳᠡᠷᠭᠡᠳᠡᠬᠢ ᠨᠡᠶᠢᠲᠡᠯᠢᠭ ᠵᠢᠱᠢᠶ᠎ᠡ ᠪᠠᠨ ᠶᠠᠷᠢᠵᠤ᠂ ᠡᠳᠦᠭᠡ ᠪᠠ ᠥᠩᠭᠡᠷᠡᠭᠰᠡᠨ ᠤ ᠬᠤᠪᠢᠷᠠᠯᠲᠠ ᠪᠠᠨ ᠶᠠᠷᠢᠵᠤ᠂ ︽ᠪᠠᠭ᠎ᠠ ᠲᠠᠯ᠎ᠠ︾ ᠪᠠᠷ ︽ᠶᠡᠭᠡ ᠶᠣᠰᠣ︾ ᠶᠢ ᠰᠠᠶᠢᠲᠤᠷ ᠶᠠᠷᠢᠵᠤ᠂ ︽ᠳᠡᠷᠭᠡᠳᠡᠬᠢ ᠶᠠᠪᠤᠳᠠᠯ︾ ᠢᠶᠠᠷ ︽ᠶᠡᠭᠡ ᠭᠤᠣᠯ ᠰᠡᠳᠦᠪ︾ ᠢ ᠲᠣᠳᠣᠷᠬᠠᠢ ᠶᠠᠷᠢᠵᠤ᠂ ᠪᠦᠬᠦ ᠲᠤᠭᠤᠷᠢᠭ ᠤᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠬᠦᠰᠡᠯ ᠨᠠᠶᠢᠳᠠᠯᠭ᠎ᠠ᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ᠥᠪᠥᠷ ᠮᠣᠩᠭᠤᠯ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠭᠰᠠᠨ ᠠᠮᠢᠳᠤᠯᠢᠭ ᠦᠢᠯᠡᠳᠦᠯᠭᠡ ᠶᠢ ᠢᠯᠡᠷᠡᠭᠦᠯᠵᠡᠢ᠃
     ᠠᠵᠢᠯᠯᠠᠭ᠎ᠠ ᠳᠠᠭᠤᠰᠤᠭᠰᠠᠨ ᠤ ᠳᠠᠷᠠᠭ᠎ᠠ ᠣᠯᠠᠨ ᠢᠶᠠᠷ ᠢᠶᠠᠨ᠄ ︽ᠳᠡᠩᠳᠡᠭᠦᠦ ᠶᠡᠭᠡ ᠬᠠᠪᠰᠤᠷᠤᠯᠭ᠎ᠠ ᠦᠵᠡᠭᠦᠯᠵᠡᠢ᠂ ᠥᠩᠭᠡᠷᠡᠭᠰᠡᠨ ᠤ ᠵᠠᠷᠢᠮ ᠲᠣᠮᠣ ᠲᠥᠷᠥ ᠶᠢᠨ ᠪᠣᠳᠣᠯᠭ᠎ᠠ᠂ ᠣᠶᠢᠯᠠᠭᠠᠭᠳᠠᠬᠤᠨ ᠢ ᠤᠯᠠᠮᠵᠢᠯᠠᠬᠤ ᠳᠤ ᠪᠡᠷᠬᠡ᠂ ᠣᠶᠢᠯᠠᠭᠠᠬᠤ ᠳᠤ ᠪᠡᠷᠬᠡ ᠪᠠᠶᠢᠵᠠᠢ᠂ ᠡᠨᠡ ᠤᠳᠠᠭ᠎ᠠ ᠳᠡᠷᠭᠡᠳᠡᠬᠢ ᠦᠨᠡᠨ ᠪᠣᠳᠠᠲᠠᠢ ᠬᠥᠮᠥᠨ ᠪᠠ ᠬᠡᠷᠡᠭ ᠶᠠᠪᠤᠳᠠᠯ ᠢᠶᠠᠷ ᠳᠠᠮᠵᠢᠭᠤᠯᠤᠨ ᠣᠯᠠᠨ ᠢᠶᠠᠷ ᠢᠶᠠᠨ ᠨᠢᠭᠡ ᠯᠡ ᠳᠣᠣᠷ᠎ᠠ ᠣᠶᠢᠯᠠᠭᠠᠵᠤ᠂ ᠮᠠᠨ ᠤ ᠲᠣᠰᠬᠤᠨ ᠤ ᠬᠤᠶᠢᠰᠢᠳᠠ ᠶᠢᠨ ᠡᠯ᠎ᠡ ᠵᠦᠢᠯ ᠤᠨ ᠠᠵᠢᠯ ᠢ ᠥᠷᠨᠢᠭᠦᠯᠬᠦ ᠳᠤ ᠮᠠᠰᠢ ᠶᠡᠭᠡ ᠦᠢᠯᠡᠳᠦᠯ ᠦᠵᠡᠭᠦᠯᠬᠦ ᠪᠣᠯᠣᠨ᠎ᠠ︾ ᠭᠡᠵᠦ ᠢᠯᠡᠷᠬᠡᠶᠢᠯᠡᠵᠡᠢ᠃      ᠲᠣᠰᠬᠤᠨ ᠤ ᠠᠷᠠᠳ ᠯᠢ ᠠᠪᠠᠭ᠎ᠠ᠄ ︽ᠤᠬᠠᠭᠤᠯᠤᠨ ᠲᠠᠶᠢᠯᠪᠤᠷᠢᠯᠠᠭᠴᠢ ᠮᠠᠰᠢ ᠪᠣᠳᠠᠲᠠᠢ ᠶᠠᠷᠢᠵᠤ᠂ ᠲᠡᠳᠡᠨ ᠤ ᠴᠢᠷᠮᠠᠶᠢᠯᠭ᠎ᠠ ᠨᠢ ᠪᠢᠳᠡᠨ ᠳᠤ᠂ ᠴᠢᠷᠮᠠᠶᠢᠳᠠᠭ ᠯᠠ ᠶᠤᠮ ᠪᠣᠯ ᠣᠯᠣᠯᠲᠠ ᠲᠠᠢ ᠪᠣᠯᠣᠨ᠎ᠠ᠂ ᠪᠢᠳᠡ ᠴᠢᠷᠮᠠᠶᠢᠨ ᠠᠵᠢᠯᠯᠠᠵᠤ᠂ ᠠᠮᠢᠳᠤᠷᠠᠯ ᠢᠶᠠᠨ ᠨᠡᠩ ᠰᠠᠶᠢᠨ ᠰᠠᠶᠢᠬᠠᠨ ᠪᠤᠯᠭᠠᠬᠤ ᠬᠡᠷᠡᠭᠲᠡᠢ ᠭᠡᠳᠡᠭ ᠢ ᠮᠡᠳᠡᠭᠦᠯᠵᠡᠢ︾ ᠭᠡᠵᠦ ᠬᠡᠯᠡᠪᠡ᠃         ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号