ᠢᠦᠢ ᠴᠢᠤᠸᠠᠨ ᠲᠣᠭᠤᠷᠢᠭ ︽ᠡᠭᠦᠷᠢᠳᠡ ᠨᠠᠮ ᠢᠶᠠᠨ ᠳᠠᠭᠠᠵᠤ ᠰᠢᠨ᠎ᠡ ᠠᠶᠠᠨ ᠵᠠᠮ ᠢᠶᠠᠷ ᠠᠯᠬᠤᠬᠤ︾ ᠢᠳᠡᠷᠡᠭᠦᠨ ᠠᠯᠬᠤᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/8
     ᠣᠶᠢᠷ᠎ᠠ ᠶᠢᠨ ᠵᠢᠯ ᠳᠤ᠂ ᠢᠦᠶ ᠴᠢᠤᠸᠠᠨ ᠲᠣᠭᠤᠷᠢᠭ ᠤᠨ ᠪᠡᠶ᠎ᠡ ᠶᠢᠨ ᠲᠠᠮᠢᠷ ᠤᠨ ᠠᠵᠢᠯ ᠦᠨᠳᠦᠰᠦᠨ ᠳᠡᠭᠡᠨ ᠪᠥᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ᠂ ᠪᠥᠬᠦ ᠠᠷᠠᠳ ᠢᠶᠠᠷ ᠢᠶᠠᠨ ᠣᠷᠣᠯᠴᠠᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠭᠦᠳᠬᠦ᠂ ᠠᠭᠤᠰᠤᠯᠴᠠᠭᠤᠯᠤᠨ ᠬᠠᠮᠲᠤ ᠪᠠᠷ ᠬᠦᠷᠲᠡᠬᠦ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠵᠤ᠂ ᠡᠯ᠎ᠡ ᠨᠢᠭᠡᠴᠢ ᠨᠦᠭᠦᠳ ᠪᠡᠶ᠎ᠡ ᠶᠢᠨ ᠲᠠᠮᠢᠷ ᠤᠨ ᠠᠵᠢᠯᠯᠠᠭ᠎ᠠ ᠳᠤ ᠣᠷᠣᠯᠴᠠᠬᠤ ᠪᠠᠷ ᠳᠠᠮᠵᠢᠭᠤᠯᠤᠨ᠂ ᠬᠤᠭᠤᠷᠣᠨᠳᠣᠬᠢ ᠰᠣᠯᠢᠯᠴᠠᠭ᠎ᠠ ᠪᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠥᠬᠦ ᠲᠤᠭᠤᠷᠢᠭ ᠤᠨ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠳᠤ ᠣᠷᠣᠯᠴᠠᠬᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠤᠷᠢᠶᠠᠯᠠᠵᠠᠢ᠃
     ᠺᠠᠳ᠋ᠷ ᠠᠵᠢᠯᠲᠠᠨ ᠠᠵᠢᠯᠴᠢᠨ ᠤ ᠪᠡᠶ᠎ᠡ ᠮᠠᠬᠠᠪᠣᠳ ᠤᠨ ᠬᠡᠪ ᠴᠢᠨᠠᠷ ᠪᠠ ᠡᠷᠡᠭᠦᠯ ᠮᠡᠨᠳᠦ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠣᠨᠣᠯᠵᠢᠬᠤᠨ ᠢ ᠰᠠᠨᠠᠭᠠᠴᠢᠯᠠᠵᠤ᠂ ᠪᠥᠬᠦ ᠠᠷᠠᠳ ᠤᠨ ᠬᠥᠳᠡᠯᠭᠡᠭᠡᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠮᠠᠨ ᠤ ᠲᠤᠭᠤᠷᠢᠭ ᠤᠨ ᠺᠠᠳ᠋ᠷ ᠠᠵᠢᠯᠲᠠᠨ ᠠᠵᠢᠯᠴᠢᠨ ᠤ ᠴᠤᠭ ᠪᠠᠳᠠᠷᠠᠩᠭᠤᠶ᠂ ᠡᠷᠡᠯᠬᠡᠭᠯᠡᠨ ᠤᠷᠤᠭᠰᠢᠯᠠᠬᠤ ᠴᠠᠭ ᠦᠶ᠎ᠡ ᠶᠢᠨ ᠴᠤᠭ ᠵᠢᠪᠬᠤᠭ᠎ᠠ ᠶᠢ ᠭᠦᠢᠴᠡᠳ ᠢᠯᠡᠷᠡᠭᠦᠯᠵᠦ᠂ ᠪᠦᠯᠬᠦᠮ ᠨᠡᠶᠢᠲᠡ ᠶᠢᠨ ᠨᠢᠭᠲᠠᠷᠠᠯ ᠤᠨ ᠬᠦᠴᠦᠨ ᠢ ᠴᠢᠩᠭᠠᠷᠠᠭᠤᠯᠬᠤ ᠶᠢᠨ ᠲᠥᠯᠥᠭᠡ᠂ ᠲᠦᠷᠦᠭᠦᠬᠡᠨ᠂ ᠢᠦᠶ ᠴᠢᠤᠸᠠᠨ ᠲᠣᠭᠤᠷᠢᠭ ︽ᠨᠠᠮ ᠢᠶᠠᠨ ᠡᠭᠦᠷᠢᠳᠡ ᠳᠠᠭᠠᠵᠤ ᠰᠢᠨ᠎ᠡ ᠠᠶᠠᠨ ᠵᠠᠮ ᠢᠶᠠᠷ ᠠᠯᠬᠤᠬᠤ︾ ᠢᠳᠡᠷᠡᠭᠦᠨ ᠠᠯᠬᠤᠭ᠎ᠠ ᠶᠢᠨ ᠠᠵᠢᠯᠯᠠᠭ᠎ᠠ ᠥᠷᠨᠢᠭᠦᠯᠪᠡ᠃
     ᠪᠦᠬᠦ ᠲᠤᠭᠤᠷᠢᠭ ᠤᠨ 23 ᠨᠢᠭᠡᠴᠢ ᠶᠢᠨ ᠲᠥᠯᠥᠭᠡᠯᠡᠭᠴᠢᠳ ᠤᠨ ᠠᠩᠭᠢ᠂ 200 ᠭᠠᠷᠤᠶ ᠬᠥᠮᠦᠨ ᠲᠣᠰ ᠤᠳᠠᠭᠠᠨ ᠤ ᠢᠳᠡᠷᠡᠭᠦᠨ ᠠᠯᠬᠤᠬᠤ ᠠᠵᠢᠯᠯᠠᠭ᠎ᠠ ᠳᠤ ᠣᠷᠣᠯᠴᠠᠪᠠ᠃ ᠠᠵᠢᠯᠯᠠᠭ᠎ᠠ ᠶᠢᠨ ᠡᠬᠢᠯᠡᠯᠲᠡ ᠶᠢᠨ ᠴᠡᠭ ᠢ ᠣᠶ ᠶᠢᠨ ᠬᠤᠷᠮᠣᠶ ᠶᠢᠨ ᠣᠷᠣᠨ ᠵᠠᠶ ᠳᠤ ᠪᠠᠶᠢᠷᠢᠯᠠᠭᠤᠯᠵᠤ᠂ ᠪᠥᠬᠦ ᠶᠠᠪᠤᠴᠠ ᠨᠢ 5 ᠺᠢᠯᠤᠮᠧᠲᠷ ᠪᠠᠶᠢᠵᠤ᠂ ᠵᠠᠮ ᠳᠠᠭᠠᠤ ᠣᠯᠠᠨ ᠡᠷᠡᠭᠦᠯ ᠮᠡᠨᠳᠦ ᠶᠢᠨ ᠪᠠᠶᠢᠴᠠᠭᠠᠯᠲᠠ ᠶᠢᠨ ᠴᠡᠭ ᠭᠠᠷᠭᠠᠵᠤ᠂ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠳᠤ ᠠᠶᠠᠯᠠᠯ ᠤᠨ ᠶᠠᠪᠤᠴᠠ ᠳᠤ ᠪᠠᠶᠢᠭᠠᠯᠢ ᠶᠢᠨ ᠥᠩᠭᠡ ᠦᠵᠡᠮᠵᠢ ᠶᠢ ᠭᠦᠢᠴᠡᠳ ᠡᠳ᠋ᠯᠡᠭᠦᠯᠪᠡ᠃
     ᠲᠣᠰ ᠤᠳᠠᠭᠠᠨ ᠤ ᠢᠳᠡᠷᠡᠭᠦᠨ ᠠᠯᠬᠤᠭ᠎ᠠ ᠶᠢᠨ ᠠᠵᠢᠯᠯᠠᠭ᠎ᠠ ᠨᠢ ᠣᠯᠠᠨ ᠳᠤ ᠢᠦᠶ ᠴᠢᠤᠸᠠᠨ ᠲᠣᠭᠤᠷᠢᠭ ᠤᠨ ᠨᠠᠮᠤᠷ ᠤᠨ ᠤᠯᠠᠷᠢᠯ ᠤᠨ ᠦᠵᠡᠰᠬᠦᠯᠡᠩᠲᠦ ᠰᠠᠶᠢᠬᠠᠨ ᠦᠵᠡᠮᠵᠢ ᠶᠢ ᠣᠶᠢᠯᠠᠭᠠᠭᠤᠯᠤᠭᠰᠠᠨ ᠢᠶᠠᠷ ᠪᠠᠷᠠᠬᠤ ᠥᠬᠡᠶ᠂ ᠪᠠᠰᠠ ᠢᠦᠶ ᠴᠢᠤᠸᠠᠨ ᠲᠣᠭᠤᠷᠢᠭ ᠤᠨ ᠥᠷᠭᠡᠨ ᠣᠯᠠᠨ ᠺᠠᠳ᠋ᠷ ᠠᠵᠢᠯᠲᠠᠨ ᠤ ᠢᠳᠡᠪᠬᠢᠲᠡᠶ ᠪᠠᠷ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠪᠦᠷᠢᠨ ᠲᠡᠭᠦᠯᠳᠡᠷ ᠢᠯᠡᠷᠡᠭᠦᠯᠵᠦ᠂ ᠨᠠᠩ ᠪᠣᠳᠠᠲᠤ ᠠᠵᠢᠯᠯᠠᠭ᠎ᠠ ᠪᠠᠷ ᠢᠶᠠᠨ ︽ᠪᠣᠬᠢᠷᠲᠤᠯ ᠥᠬᠡᠶ᠂ ᠪᠠᠭ᠎ᠠ ᠨᠡᠭᠦᠷᠡᠰᠦᠳᠦ᠋ᠷᠦᠭᠴᠢᠲᠦ᠂ ᠣᠷᠴᠢᠨ ᠲᠣᠭᠤᠷᠢᠨ ᠢ ᠬᠠᠮᠠᠭᠠᠯᠠᠬᠤ︾ ᠡᠷᠡᠭᠦᠯ ᠠᠮᠢᠳᠤᠷᠠᠯ ᠤᠨ ᠣᠶᠢᠯᠠᠭᠠᠭᠳᠠᠬᠤᠨ ᠢ ᠲᠠᠶᠢᠯᠪᠤᠷᠢᠯᠠᠵᠤ᠂ ᠣᠯᠠᠨ ᠳᠤ ᠪᠡᠶ᠎ᠡ ᠴᠢᠭᠢᠷᠠᠭᠵᠢᠭᠤᠯᠬᠤ ᠥᠪᠡᠷᠮᠢᠴᠡ ᠷᠢᠳᠢ ᠰᠢᠳᠢ ᠶᠢ ᠣᠶᠢᠯᠠᠭᠠᠭᠤᠯᠤᠭᠰᠠᠨ ᠪᠠᠶᠢᠨ᠎ᠠ᠃            ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号