2024 ᠣᠨ ᠤ ᠬᠥᠬᠡᠬᠤᠲᠠ ᠶᠢᠨ ᠨᠢᠳᠦᠨ ᠰᠢᠯ ᠤᠨ ᠠᠵᠢᠯ ᠲᠥᠷᠥᠯ ᠤᠨ ᠠᠵᠢᠯᠲᠠᠨ ᠠᠵᠢᠯᠴᠢᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠢᠦᠶ ᠴᠢᠤᠸᠠᠨ ᠲᠣᠭᠤᠷᠢᠭ ᠤᠨ ᠡᠳᠦᠷ ᠤᠨ ᠬᠦᠴᠦᠨ ᠤ ᠠᠵᠢᠯᠴᠢᠨ ᠤ ᠵᠠᠬ᠎ᠠ ᠳᠡᠯᠭᠡᠭᠦᠷ ᠲᠤ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2024/11/13
     ᠤᠶᠢᠷ᠎ᠠ ᠳᠤ᠂ 2024 ᠣᠨ ᠤ ᠬᠥᠬᠡᠬᠤᠲᠠ ᠶᠢᠨ ᠨᠢᠳᠦᠨ ᠰᠢᠯ ᠤᠨ ᠠᠵᠢᠯ ᠲᠥᠷᠥᠯ ᠤᠨ ᠠᠵᠢᠯᠲᠠᠨ ᠤ ᠠᠵᠢᠯ ᠮᠡᠷᠭᠡᠵᠢᠯ ᠤᠨ ᠴᠢᠳᠠᠪᠤᠷᠢ ᠶᠢᠨ ᠤᠷᠤᠯᠳᠤᠭᠠᠨ ᠢᠦᠢ ᠴᠢᠤᠸᠠᠨ ᠲᠣᠭᠤᠷᠢᠭ ᠤᠨ ᠡᠳᠦᠷ ᠤᠨ ᠬᠦᠴᠦᠨ ᠤ ᠠᠵᠢᠯᠴᠢᠨ ᠤ ᠵᠠᠬ᠎ᠠ ᠳᠡᠯᠭᠡᠭᠦᠷ ᠲᠤ ᠶᠠᠪᠤᠭᠳᠠᠵᠤ᠂ ᠲᠤᠰ ᠤᠳᠠᠭᠠᠨ ᠤ ᠠᠵᠢᠯᠯᠠᠭ᠎ᠠ ᠶᠢ ᠬᠥᠬᠡᠬᠤᠲᠠ ᠶᠢᠨ ᠠᠵᠢᠯᠴᠢᠨ ᠤ ᠶᠡᠷᠦᠩᠬᠡᠢ ᠡᠪᠯᠡᠯ᠂ ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠨᠢᠳᠦᠨ ᠬᠠᠷᠠᠭ᠎ᠠ ᠭᠡᠷᠡᠯ ᠤᠨ ᠮᠡᠷᠭᠡᠵᠢᠯ ᠤᠨ ᠨᠡᠶᠢᠭᠡᠮᠯᠢᠭ ᠳᠠᠭᠠᠭᠠᠴᠢᠯᠠᠨ ᠡᠷᠬᠢᠯᠡᠵᠦ᠂ ᠢᠦᠢ ᠴᠢᠤᠸᠠᠨ ᠲᠣᠭᠤᠷᠢᠭ ᠤᠨ ᠡᠳᠦᠷ ᠤᠨ ᠬᠦᠴᠦᠨ ᠤ ᠠᠵᠢᠯᠴᠢᠨ ᠤ ᠵᠠᠬ᠎ᠠ ᠳᠡᠯᠭᠡᠭᠦᠷ ᠬᠠᠮᠵᠢᠯᠴᠠᠨ ᠡᠷᠬᠢᠯᠡᠪᠡ᠃
     ᠲᠣᠰ ᠤᠳᠠᠭᠠᠨ ᠤ ᠤᠷᠤᠯᠳᠤᠭᠠᠨ ᠤ ᠠᠭᠤᠯᠭ᠎ᠠ ᠨᠢ ᠨᠢᠳᠦᠨ ᠰᠢᠯ ᠤᠨ ᠬᠡᠷᠡᠯ ᠰᠢᠯᠭᠠᠭᠴᠢ᠂ ᠨᠢᠳᠦᠨ ᠰᠢᠯ ᠤᠨ ᠲᠤᠬᠢᠷᠠᠭᠤᠯᠤᠯᠲᠠ ᠬᠢᠬᠦ ᠠᠵᠢᠯᠲᠠᠨ ᠪᠣᠳᠠᠲᠠᠶ ᠠᠵᠢᠯᠯᠠᠵᠤ᠂ ᠡᠭᠦᠨ ᠳᠤ ᠨᠢᠳᠦᠨ ᠰᠢᠯ ᠤᠨ ᠬᠡᠷᠡᠯ ᠰᠢᠯᠭᠠᠭᠴᠢ ᠶᠢᠨ ᠤᠷᠤᠯᠳᠤᠭᠠᠨ ᠤ ᠲᠥᠷᠥᠯ ᠵᠦᠢᠯ ᠳᠤ ᠭᠤᠤᠯᠳᠠᠭᠤ ᠭᠡᠷᠡᠯ ᠰᠢᠯᠭᠠᠭᠴᠢ ᠶᠢᠨ ᠰᠢᠯᠭᠠᠨ ᠪᠠᠶᠢᠴᠠᠭᠠᠯᠲᠠ᠂ ᠺᠣᠮᠫᠢᠦ᠋ᠲ᠋ᠧᠷ ᠤᠨ ᠬᠡᠷᠡᠯ ᠰᠢᠯᠭᠠᠬᠤ ᠬᠡᠮᠵᠢᠭᠦᠷᠯᠢᠭ ᠤᠨ ᠭᠡᠷᠡᠯ ᠢ ᠰᠢᠯᠭᠠᠬᠤ ᠪᠠ ᠶᠡᠷᠦᠩᠬᠡᠶᠢᠯᠡᠭᠰᠡᠨ ᠬᠡᠷᠡᠯ ᠰᠢᠯᠭᠠᠬᠤ ᠬᠡᠮᠵᠢᠭᠦᠷᠯᠢᠭ ᠤᠨ ᠬᠡᠷᠡᠭᠯᠡᠯᠲᠡ ᠪᠠᠭᠲᠠᠨ᠎ᠠ᠃ ᠨᠢᠳᠦᠨ ᠰᠢᠯ ᠤᠨ ᠲᠤᠬᠢᠷᠠᠭᠤᠯᠤᠯᠲᠠ ᠬᠢᠬᠦ ᠠᠵᠢᠯᠲᠠᠨ ᠤ ᠤᠷᠤᠯᠳᠤᠭᠠᠨ ᠤ ᠲᠥᠷᠥᠯ ᠵᠦᠢᠯ ᠳᠤ ᠭᠤᠣᠯᠳᠠᠭᠤ ᠭᠤᠤ ᠦᠭᠡᠢ ᠨᠦᠬᠡᠯᠡᠬᠦ ᠨᠢᠳᠦᠨ ᠰᠢᠯ ᠦᠢᠯᠡᠳᠬᠦ᠂ ᠠᠭᠠᠵᠢᠮ ᠢᠶᠠᠷ ᠣᠯᠠᠨ ᠲᠥᠪᠯᠡᠷᠡᠯ ᠤᠨ ᠴᠡᠭ ᠲᠠᠢ ᠰᠢᠯ ᠢ ᠠᠩᠭᠢᠵᠢᠷᠠᠭᠤᠯᠬᠤ ᠪᠠ ᠤᠭᠰᠠᠷᠠᠬᠤ ᠨᠢᠳᠦᠨ ᠰᠢᠯ ᠤᠨ ᠰᠢᠯᠭᠠᠨ ᠪᠠᠶᠢᠴᠠᠭᠠᠯᠲᠠ ᠪᠠᠭᠲᠠᠨ᠎ᠠ᠃
     ᠲᠣᠰ ᠤᠳᠠᠭᠠᠨ ᠤ ᠤᠷᠤᠯᠳᠤᠭᠠᠨ ᠳᠤ ᠬᠥᠬᠡᠬᠤᠲᠠ ᠶᠢᠨ ᠨᠢᠳᠦᠨ ᠰᠢᠯ ᠤᠨ ᠠᠵᠢᠯ ᠲᠥᠷᠥᠯ ᠤᠨ 76 ᠰᠢᠯᠢᠳᠡᠭ ᠠᠵᠢᠯ ᠡᠷᠭᠢᠯᠡᠭᠰᠡᠳ ᠢᠳᠡᠪᠬᠢᠲᠡᠶ ᠪᠠᠷ ᠨᠡᠷ᠎ᠡ ᠮᠡᠳᠡᠭᠦᠯᠵᠦ᠂ 12 ᠠᠵᠢᠯ ᠲᠥᠷᠥᠯ ᠤᠨ ᠳᠣᠲᠣᠷᠠᠬᠢ ᠲᠤᠰᠬᠠᠶ ᠮᠡᠷᠭᠡᠵᠢᠯᠲᠡᠨ ᠡᠷᠳᠡᠮᠲᠡᠳ ᠢ ᠤᠷᠢᠵᠤ ᠬᠢᠨᠠᠭᠴᠢ ᠪᠣᠯᠭᠠᠵᠤ᠂ ᠤᠷᠤᠯᠳᠤᠭᠠᠨ ᠤ ᠡᠷᠬᠡ ᠲᠡᠭᠰᠢ ᠲᠥᠪ ᠭᠤᠤᠯᠴᠢ ᠪᠠᠶᠢᠬᠤ ᠶᠢ ᠬᠠᠮᠠᠭᠠᠯᠠᠪᠠ᠃      ᠤᠷᠤᠯᠳᠤᠭᠠᠨ ᠳᠤ ᠣᠷᠣᠯᠴᠠᠭᠰᠠᠳ ᠣᠨᠣᠯ ᠤᠨ ᠰᠢᠯᠭᠠᠯᠲᠠ ᠪᠠ ᠪᠣᠳᠠᠲᠤ ᠪᠣᠯᠪᠠᠰᠤᠷᠠᠯ ᠤᠨ ᠬᠢᠨᠠᠨ ᠰᠢᠯᠭᠠᠯᠲᠠ ᠪᠠᠷ ᠳᠡᠮᠵᠢᠨ᠂ ᠲᠤᠰᠬᠠᠶ ᠮᠡᠷᠭᠡᠵᠢᠯ ᠤᠨ ᠮᠡᠳᠡᠯᠭᠡ ᠪᠠ ᠰᠠᠶᠢᠨ ᠰᠠᠶᠢᠬᠠᠨ ᠤᠷ᠎ᠠ ᠴᠢᠳᠠᠪᠤᠷᠢ ᠶᠢ ᠢᠯᠡᠷᠡᠭᠦᠯᠵᠦ᠂ ᠠᠵᠢᠯ ᠲᠥᠷᠥᠯ ᠤᠨ ᠪᠠᠷᠢᠮᠵᠢᠶᠠᠵᠢᠭᠤᠯᠤᠯᠲᠠ᠂ ᠲᠤᠰᠬᠠᠶᠢᠵᠢᠭᠤᠯᠤᠭᠰᠠᠨ ᠬᠥᠭᠵᠢᠯᠲᠡ ᠶᠢ ᠠᠬᠢᠭᠤᠯᠪᠠ᠃ ᠤᠷᠤᠯᠳᠤᠭᠠᠨ ᠳᠤ ᠤᠷᠤᠯᠴᠠᠭᠰᠠᠨ ᠶᠠᠩ ᠰᠦ᠋ ᠸᠧᠨ᠄ ︽ᠡᠨᠡ ᠤᠳᠠᠭᠠᠨ ᠤ ᠤᠷᠤᠯᠳᠤᠭᠠᠨ ᠮᠠᠰᠢ ᠶᠡᠭᠡ ᠠᠴᠢ ᠬᠤᠯᠪᠣᠭᠳᠠᠯ ᠲᠠᠢ ᠶᠤᠮ᠂ ᠪᠢᠳᠡᠨ ᠳᠤ ᠬᠠᠷᠢᠯᠴᠠᠨ ᠰᠤᠷᠤᠯᠴᠠᠬᠤ᠂ ᠬᠠᠷᠢᠯᠴᠠᠨ ᠰᠣᠯᠢᠯᠴᠠᠬᠤ ᠲᠠᠪᠴᠠᠩ ᠪᠠᠶᠢᠭᠤᠯᠤᠨ ᠥᠭᠴᠦ᠂ ᠪᠢᠳᠡᠨ ᠤ ᠲᠤᠷᠰᠢᠯᠭ᠎ᠠ ᠶᠢ ᠬᠤᠪᠢᠶᠠᠯᠴᠠᠨ ᠡᠳ᠋ᠯᠡᠬᠦ ᠪᠠ ᠮᠡᠷᠭᠡᠵᠢᠯ ᠢᠶᠠᠨ ᠰᠣᠯᠢᠯᠴᠠᠵᠤ᠂ ᠮᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠴᠢᠩᠭᠠᠳᠬᠠᠵᠠᠢ︾ ᠭᠡᠪᠡ᠃      ᠲᠣᠰ ᠤᠳᠠᠭᠠᠨ ᠤ ᠤᠷᠤᠯᠳᠤᠭᠠᠨ ᠢ ᠠᠮᠵᠢᠯᠲᠠ ᠲᠠᠢ ᠡᠷᠬᠢᠯᠡᠭᠰᠡᠨ ᠨᠢ ᠨᠢᠳᠦᠨ ᠰᠢᠯ ᠤᠨ ᠠᠵᠢᠯ ᠲᠥᠷᠥᠯ ᠤᠨ ᠠᠵᠢᠯᠲᠠᠳ ᠤᠨ ᠵᠢᠷᠤᠮᠵᠢᠭᠤᠯᠤᠯᠲᠠ᠂ ᠲᠤᠰᠬᠠᠶᠢᠵᠢᠭᠤᠯᠤᠭᠰᠠᠨ ᠬᠢᠷᠢ ᠲᠦᠪᠰᠢᠨ ᠢ ᠳᠡᠭᠡᠭᠰᠢᠯᠡᠭᠦᠯᠵᠦ᠂ ᠣᠷᠣᠯᠴᠠᠭᠴᠢ ᠳᠤ ᠬᠠᠷᠢᠯᠴᠠᠨ ᠰᠣᠯᠢᠯᠴᠠᠬᠤ᠂ ᠰᠤᠷᠤᠯᠴᠠᠬᠤ ᠲᠠᠪᠴᠠᠩ ᠬᠠᠩᠭᠠᠵᠤ᠂ ᠣᠯᠠᠨ ᠢᠶᠠᠷ ᠢᠶᠠᠨ ᠤᠷᠤᠯᠳᠤᠭᠠᠨ ᠳᠤ ᠰᠢᠯᠢᠳᠡᠭ ᠢᠯᠡᠷᠡᠯ ᠲᠠᠢ ᠣᠷᠣᠯᠴᠠᠭᠴᠢ ᠶᠢ ᠬᠡᠪ ᠳᠠᠭᠤᠷᠢᠶᠠᠯ ᠪᠠ ᠥᠯᠢᠭᠡᠷ ᠳᠠᠭᠤᠷᠢᠶᠠᠯ ᠪᠣᠯᠭᠠᠵᠤ᠂ ᠨᠠᠩ ᠣᠯᠠᠨ ᠨᠢᠳᠤᠨ ᠰᠢᠯ ᠤᠨ ᠠᠵᠢᠯ ᠲᠥᠷᠥᠯ ᠤᠨ ᠠᠵᠢᠯ ᠡᠷᠭᠢᠯᠡᠭᠰᠡᠳ ᠤᠨ ᠨᠠᠩ ᠥᠨᠳᠥᠷ ᠤᠷ᠎ᠠ ᠴᠢᠳᠠᠪᠤᠷᠢ ᠶᠢᠨ ᠬᠢᠷᠢ ᠲᠦᠪᠰᠢᠨ ᠢ ᠬᠥᠭᠡᠭᠡᠴᠡᠯᠳᠦᠬᠦ ᠶᠢ ᠵᠣᠷᠢᠭᠵᠢᠭᠤᠯᠵᠤ ᠪᠣᠯᠤᠨ᠎ᠠ᠃      ᠢᠦᠢ ᠴᠢᠤᠸᠠᠨ ᠲᠣᠭᠤᠷᠢᠭ ᠤᠨ ᠡᠳᠦᠷ ᠤᠨ ᠬᠦᠴᠦᠨ ᠤ ᠠᠵᠢᠯᠴᠢᠨ ᠤ ᠵᠠᠬ᠎ᠠ ᠳᠡᠯᠭᠡᠭᠦᠷ ᠴᠤ ᠡᠳᠡᠭᠡᠷ ᠰᠢᠯᠢᠳᠡᠭ ᠴᠢᠳᠠᠪᠤᠷᠢᠲᠠᠨ ᠳᠤ ᠨᠡᠩ ᠤᠯᠠᠨ ᠬᠥᠭᠵᠢᠯᠲᠡ ᠶᠢᠨ ᠲᠣᠬᠢᠶᠠᠯ ᠪᠠ ᠳᠡᠮᠵᠢᠯᠭᠡ ᠬᠠᠩᠭᠠᠵᠤ᠂ ᠲᠡᠳᠡᠨ ᠤ ᠠᠵᠢᠯ ᠲᠦᠷᠦᠯ ᠳᠡᠭᠡᠨ ᠨᠡᠩ ᠶᠡᠭᠡ ᠦᠢᠯᠡᠳᠦᠯ ᠦᠵᠡᠭᠦᠯᠬᠦ ᠶᠢ ᠵᠣᠷᠢᠭᠵᠢᠭᠤᠯᠵᠤ᠂ ᠨᠢᠳᠦᠨ ᠰᠢᠯ ᠤᠨ ᠠᠵᠢᠯ ᠲᠦᠷᠦᠯ ᠤᠨ ᠦᠷᠭᠦᠯᠵᠢᠯᠡᠨ ᠬᠥᠭᠵᠢᠬᠦ ᠳᠤ ᠲᠠᠰᠤᠷᠠᠯᠳᠡ ᠦᠭᠡᠢ ᠬᠥᠳᠡᠯᠭᠡᠬᠦ ᠬᠦᠴᠦᠨ ᠨᠡᠮᠡᠷᠢᠯᠡᠨ᠎ᠡ᠃          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号