ᠠᠷᠪᠠᠨ ᠨᠢᠭᠡᠳᠦᠭᠡᠷ ᠬᠤᠭᠤᠴᠠᠭᠠᠨ ᠤ ᠳᠤᠮᠳᠠᠳᠤ ᠤᠯᠤᠰ · ᠥᠪᠥᠷ ᠮᠣᠩᠭᠤᠯ ᠤᠨ ᠭᠠᠳᠠᠭᠠᠳᠤ ᠠᠴᠠ ᠣᠷᠣᠭᠤᠯᠵᠤ ᠭᠠᠷᠭᠠᠬᠤ ᠲᠠᠸᠠᠷ ᠤᠨ ᠦᠵᠡᠰᠬᠦᠯᠡᠩ ᠬᠦᠰᠢᠭᠡ ᠪᠠᠨ ᠰᠡᠬᠦᠪᠡ
ᠨᠡᠶᠢᠲᠡᠯᠡᠭᠰᠡᠨ ᠴᠠᠭ᠄
2024/11/15
     11 ᠳ᠋ᠦ᠋ᠭᠡᠷ ᠰᠠᠷ᠎ᠠ ᠶᠢᠨ 14 ᠤ ᠡᠳᠦᠷ᠂ ︽ᠠᠷᠪᠠᠨ ᠨᠢᠭᠡᠳᠦᠭᠡᠷ ᠬᠤᠭᠤᠴᠠᠭᠠᠨ ᠤ ᠳᠤᠮᠳᠠᠳᠤ ᠤᠯᠤᠰ · ᠥᠪᠥᠷ ᠮᠣᠩᠭᠤᠯ ᠤᠨ ᠭᠠᠳᠠᠭᠠᠳᠤ ᠠᠴᠠ ᠣᠷᠣᠭᠤᠯᠵᠤ ᠭᠠᠷᠭᠠᠬᠤ ᠲᠠᠸᠠᠷ ᠤᠨ ᠦᠵᠡᠰᠬᠦᠯᠡᠩ︾ ᠨᠢ ᠥᠪᠥᠷ ᠮᠣᠩᠭᠤᠯ ᠤᠨ ᠣᠯᠠᠨ ᠤᠯᠤᠰ ᠤᠨ ᠦᠵᠡᠰᠬᠦᠯᠡᠩ ᠤᠨ ᠲᠥᠪ ᠲᠤ ᠡᠬᠢᠯᠡᠪᠡ᠃ ᠲᠣᠰ ᠬᠤᠭᠤᠴᠠᠭᠠᠨ ᠤ ᠦᠵᠡᠰᠬᠦᠯᠡᠩ 300 ᠭᠠᠷᠤᠶ ᠦᠵᠡᠭᠦᠯᠭᠡ ᠶᠢᠨ ᠪᠠᠶᠢᠷᠢ ᠲᠠᠢ ᠪᠠᠶᠢᠵᠤ᠂ ᠣᠨᠴᠠ ᠦᠵᠡᠭᠦᠯᠭᠡ ᠶᠢᠨ ᠪᠠᠶᠢᠷᠢ 14 ᠪᠣᠢ᠃ ᠦᠵᠡᠭᠦᠯᠭᠡ ᠶᠢ ᠳᠤᠮᠳᠠᠳᠤ ᠣᠷᠣᠰ ᠮᠣᠩᠭᠤᠯ ᠤᠨ ᠦᠵᠡᠭᠦᠯᠭᠡ ᠶᠢᠨ ᠲᠣᠭᠤᠷᠢᠭ᠂ ᠵᠡᠭᠦᠨ ᠡᠮᠦᠨᠡᠲᠦ ᠠᠽᠢᠶ᠎ᠠ ᠶᠢᠨ ᠦᠵᠡᠭᠦᠯᠭᠡ ᠶᠢᠨ ᠲᠣᠭᠤᠷᠢᠭ᠂ ᠰᠢᠶᠠᠩᠭᠠᠩ ᠣᠣᠮᠧᠨ ᠲᠠᠶᠢᠸᠠᠨ ᠤ ᠦᠵᠡᠭᠦᠯᠭᠡ ᠶᠢᠨ ᠲᠣᠭᠤᠷᠢᠭ᠂ ᠫᠠᠺᠢᠰᠲ᠋ᠠᠨ ᠤ ᠦᠵᠡᠭᠦᠯᠭᠡ ᠶᠢᠨ ᠲᠣᠭᠤᠷᠢᠭ᠂ ᠤᠯᠤᠰ ᠤᠨ ᠳᠣᠲᠣᠭᠠᠳᠤ ᠶᠢᠨ ᠰᠣᠳᠣᠨ ᠪᠦᠲᠦᠭᠡᠯ ᠤᠨ ᠦᠵᠡᠭᠦᠯᠭᠡ ᠶᠢᠨ ᠲᠣᠭᠤᠷᠢᠭ ᠵᠡᠷᠭᠡ ᠪᠠᠷ ᠬᠤᠪᠢᠶᠠᠷᠢᠯᠠᠪᠠ᠃ ᠦᠵᠡᠭᠦᠯᠭᠡ ᠶᠢᠨ ᠪᠣᠳᠠᠰ ᠲᠤ ᠤᠨᠴᠠᠯᠢᠬᠳᠤ ᠢᠳᠡᠭᠡᠨ ᠤᠮᠳᠠᠭᠠᠨ᠂ ᠬᠤᠪᠴᠠᠰᠤ ᠵᠠᠰᠠᠯ᠂ ᠭᠠᠷ ᠤᠷᠠᠯᠠᠯ ᠤᠨ ᠪᠦᠲᠦᠭᠡᠭᠳᠡᠬᠦᠨ᠂ ᠵᠠᠰᠠᠯ ᠴᠢᠮᠡᠭᠯᠡᠯ ᠤᠨ ᠡᠳ᠋᠂ ᠠᠮᠢᠳᠤᠷᠠᠯ ᠤᠨ ᠬᠡᠷᠡᠭᠰᠡᠯ ᠵᠡᠷᠭᠡ ᠬᠡᠳᠦᠨ ᠮᠢᠩᠭᠠᠨ ᠵᠦᠢᠯ ᠤᠨ ᠲᠠᠸᠠᠷ ᠢ ᠬᠠᠮᠤᠷᠴᠠᠶ᠃ ᠦᠵᠡᠭᠦᠯᠭᠡ ᠨᠢ 11 ᠳ᠋ᠦ᠋ᠭᠡᠷ ᠰᠠᠷ᠎ᠠ ᠶᠢᠨ 18 ᠤ ᠡᠳᠦᠷ ᠪᠣᠯᠲᠠᠯ᠎ᠠ ᠦᠷᠭᠦᠯᠵᠢᠯᠡᠬᠦ ᠪᠣᠯᠣᠨ᠎ᠠ᠃ ᠰᠤᠷᠪᠤᠯᠵᠢᠯᠠᠭᠴᠢ ᠸᠠᠩ ᠱᠣᠣ ᠺᠠᠢ ᠰᠡᠭᠦᠳᠡᠷᠯᠡᠪᠡ
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号