ᠢᠦᠢ ᠴᠢᠤᠸᠠᠨ ᠲᠣᠭᠤᠷᠢᠭ ᠤᠨ 2024 ᠣᠨ ᠤ 1 — 10 ᠳ᠋ᠤᠭᠠᠷ ᠰᠠᠷ᠎ᠠ ᠶᠢᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠤᠨ ᠵᠠᠳᠠᠯᠤᠯᠲᠠ
ᠨᠡᠶᠢᠲᠡᠯᠡᠭᠰᠡᠨ ᠴᠠᠭ᠄
2024/11/22
     ᠨᠢᠭᠡ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ      1 — 10 ᠳ᠋ᠤᠭᠠᠷ ᠰᠠᠷ᠎ᠠ ᠳᠤ᠂ ᠪᠥᠬᠦ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 13.4% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠠᠳᠠᠯᠢ ᠬᠤᠭᠤᠴᠠᠭᠠᠨ ᠤ ᠬᠢ ᠠᠴᠠ 1.6% ᠪᠠᠷ ᠨᠡᠮᠡᠭᠳᠡᠪᠡ᠃ ᠡᠭᠦᠨ ᠳᠤ᠂ ᠬᠢᠮᠢ ᠶᠢᠨ ᠲᠦᠭᠦᠬᠡᠶ ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠬᠦᠨ ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 28.5% ᠪᠠᠷ ᠨᠡᠮᠡᠭᠳᠡᠪᠡ︔ ᠴᠠᠬᠢᠯᠭᠠᠨ ᠮᠠᠰᠢᠨ ᠪᠠ ᠪᠠᠭᠠᠵᠢ ᠬᠡᠷᠡᠭᠰᠡᠯ ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 28.8% ᠪᠠᠷ ᠨᠡᠮᠡᠭᠳᠡᠪᠡ︔ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 0.8% ᠪᠠᠷ ᠪᠠᠭᠤᠷᠠᠪᠠ︔ ᠨᠡᠬᠡᠮᠡᠯ ᠬᠤᠪᠴᠠᠰᠤ ᠵᠠᠰᠠᠯ ᠤᠨ ᠦᠢᠯᠡᠰ ᠠᠳᠠᠯᠢ ᠬᠤᠭᠤᠴᠠᠭᠠᠨ ᠤ ᠬᠢ ᠠᠴᠠ 28.2% ᠢᠶᠠᠷ ᠨᠡᠮᠡᠭᠳᠡᠪᠡ︔ ᠨᠡᠶᠢᠳᠡᠮ ᠬᠡᠷᠡᠭᠯᠡᠭᠡᠨ ᠤ ᠲᠥᠬᠦᠭᠡᠷᠦᠮᠵᠢ ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 3.6% ᠪᠠᠷ ᠪᠠᠭᠤᠷᠠᠪᠠ᠃      ᠬᠤᠶᠠᠷ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ      1 — 10 ᠳ᠋ᠤᠭᠠᠷ ᠰᠠᠷ᠎ᠠ ᠳᠤ᠂ ᠪᠥᠬᠦ ᠲᠤᠭᠤᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 32.4% ᠪᠠᠷ ᠨᠡᠮᠡᠭᠳᠡᠪᠡ᠃      ᠪᠡᠯᠡ ᠣᠷᠣᠭᠤᠯᠤᠯᠲᠠ ᠶᠢᠨ ᠬᠦᠷᠢᠶᠡᠨ ᠠᠴᠠ ᠦᠵᠡᠪᠡᠯ᠂ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 15.2% ᠢᠶᠠᠷ ᠨᠡᠮᠡᠭᠳᠡᠪᠡ︔ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 49.8% ᠪᠠᠷ ᠨᠡᠮᠡᠭᠳᠡᠪᠡ᠃ ᠪᠡᠯᠡ ᠣᠷᠣᠭᠤᠯᠤᠯᠲᠠ ᠶᠢᠨ ᠭᠤᠣᠯ ᠴᠣᠭᠴᠠ ᠠᠴᠠ ᠦᠵᠡᠪᠡᠯ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 1.4% ᠪᠠᠷ ᠨᠡᠮᠡᠭᠳᠡᠪᠡ︔ ᠠᠷᠠᠳ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 86.8% ᠪᠠᠷ ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 342.9% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 9.9% ᠪᠠᠷ ᠪᠠᠭᠤᠷᠠᠪᠠ︔ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 39.2% ᠢᠶᠠᠷ ᠨᠡᠮᠡᠭᠳᠡᠪᠡ᠃      ᠭᠤᠷᠪᠠ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ      1 — 10 ᠳ᠋ᠤᠭᠠᠷ ᠰᠠᠷ᠎ᠠ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 124.27 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.6% ᠪᠠᠷ ᠨᠡᠮᠡᠭᠳᠡᠪᠡ᠃ ᠡᠭᠦᠨ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 68.6% ᠪᠠᠷ ᠨᠡᠮᠡᠭᠳᠡᠪᠡ᠃ ᠬᠡᠷᠡᠭᠯᠡᠭᠡᠨ ᠤ ᠲᠥᠷᠥᠯ ᠬᠡᠯᠪᠡᠷᠢ ᠠᠴᠠ ᠦᠵᠡᠪᠡᠯ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠠᠸᠠᠷ ᠤᠨ ᠵᠢᠵᠢᠭᠯᠡᠨ ᠬᠤᠳᠠᠯᠳᠤᠬᠤ ᠲᠤᠭ᠎ᠠ ᠠᠳᠠᠯᠢ ᠬᠤᠭᠤᠴᠠᠭᠠᠨ ᠤ ᠬᠢ ᠠᠴᠠ 73.8% ᠪᠠᠷ ᠨᠡᠮᠡᠭᠳᠡᠪᠡ︔ ᠬᠢᠵᠠᠭᠠᠷᠯᠠᠭᠰᠠᠨ ᠳᠤᠭ᠎ᠠ ᠠᠴᠠ ᠳᠡᠭᠡᠭᠰᠢᠬᠢ ᠢᠳᠡᠭᠡᠨ ᠤᠮᠳᠠᠭᠠᠨ ᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 15.0% ᠪᠠᠷ ᠨᠡᠮᠡᠭᠳᠡᠪᠡ᠃         ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号